ᠪᠡᠯᠭᠦᠳᠡᠢ ᠪᠠᠯᠭᠠᠰᠤᠨ ᠤ ᠮᠠᠰᠢᠨ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠶᠢ ᠬᠠᠮᠲᠤᠷᠠᠨ ᠴᠡᠭᠴᠡᠯᠡᠨ ᠵᠠᠰᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/4/12
     ᠪᠦᠬᠦ ᠬᠤᠰᠢᠭᠤᠨ ᠤ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠡᠷᠦᠩᠬᠡᠢᠯᠡᠭᠰᠡᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠢ ᠪᠦᠬᠦ ᠲᠠᠯ᠎ᠠ ᠪᠠᠷ ᠵᠢᠷᠤᠮᠵᠢᠭᠤᠯᠵᠤ᠂ ᠴᠡᠪᠡᠷ ᠲᠡᠭᠰᠢ ᠭᠤᠶᠣ ᠰᠠᠢᠬᠠᠨ ᠡᠶ᠎ᠡ ᠵᠣᠬᠢᠴᠠᠯ ᠲᠠᠢ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠬᠤ ᠶᠢᠨ ᠲᠤᠰᠠᠳᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠠᠪᠠᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠲᠤᠰ ᠡᠳᠦᠷ ᠠᠴᠠ ᠡᠬᠢᠯᠡᠨ ᠮᠠᠰᠢᠨ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠲᠠᠯᠪᠢᠬᠤ ᠶᠢ ᠲᠤᠰᠬᠠᠢ ᠲᠥᠷᠥᠯ ᠤᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠳᠦᠪᠰᠢᠨ ᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠲᠠᠯᠪᠢᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠤᠷᠢᠯᠡᠨ᠎ᠡ᠃ ᠥᠷᠭᠡᠨ ᠣᠯᠠᠨ ᠵᠢᠯᠣᠭᠤᠴᠢ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠪᠣᠯᠪᠠᠰᠤᠨ ᠢᠶᠠᠷ ᠲᠡᠷᠭᠡ ᠵᠢᠯᠣᠭᠤᠳᠴᠤ᠂ ᠠᠮᠤᠷ ᠲᠦᠪᠰᠢᠨ ᠢᠶᠠᠷ ᠲᠡᠷᠭᠡ ᠵᠢᠯᠣᠭᠤᠳᠬᠤ ᠬᠡᠷᠡᠭᠲᠡᠶ᠃      ᠨᠢᠭᠡ᠂ ᠴᠡᠭᠴᠡᠯᠡᠨ ᠵᠠᠰᠠᠬᠤ ᠣᠷᠣᠨ ᠪᠦᠰᠡ      ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠣᠨ ᠳᠤ      ᠬᠤᠶᠠᠷ᠂ ᠴᠡᠭᠴᠡᠯᠡᠨ ᠵᠠᠰᠠᠬᠤ ᠭᠤᠣᠯᠳᠠᠯᠭ᠎ᠠ      ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠭᠰᠠᠨ᠂ ᠡᠰᠡᠷᠭᠦ ᠴᠢᠭᠯᠡᠯ ᠢᠶᠠᠷ ᠨᠢ ᠵᠣᠭᠰᠣᠭᠠᠭᠰᠠᠨ᠂ ᠴᠠᠭᠠᠵᠠᠯᠠᠬᠤ ᠵᠠᠷᠯᠢᠭ ᠤᠨ ᠲᠡᠮᠳᠡᠭ᠂ ᠲᠡᠮᠳᠡᠭ ᠵᠢᠷᠤᠭᠠᠰᠤ ᠶᠢ ᠵᠥᠷᠢᠴᠡᠭᠰᠡᠨ᠂ ᠵᠢᠴᠢ ᠮᠠᠰᠢᠨ ᠲᠡᠷᠭᠡᠨ ᠤ ᠪᠤᠰᠤ ᠵᠠᠮ ᠪᠣᠯᠤᠨ ᠶᠠᠪᠠᠭᠠᠨ ᠬᠥᠮᠦᠨ ᠤ ᠵᠠᠮ ᠢ ᠡᠵᠡᠯᠡᠨ ᠬᠡᠷᠡᠭᠯᠡᠭᠰᠡᠨ᠂ ᠤᠷᠲᠤ ᠬᠤᠭᠤᠴᠠᠭ᠎ᠠ ᠪᠠᠷ ᠵᠣᠭᠰᠣᠭᠠᠭᠰᠠᠨ ᠲᠡᠷᠭᠡ ᠵᠡᠷᠭᠡ ᠶᠢ ᠵᠠᠰᠠᠨ ᠴᠡᠭᠴᠡᠯᠡᠨ᠎ᠡ᠃ ᠥᠷᠭᠡᠨ ᠣᠯᠠᠨ ᠲᠦᠮᠡᠨ ᠣᠶᠢᠯᠠᠭᠠᠵᠤ ᠬᠠᠮᠵᠢᠯᠴᠠᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠬᠡᠷᠪᠡ ᠣᠷᠳᠣ ᠬᠤᠭᠤᠴᠠᠭ᠎ᠠ ᠪᠠᠷ ᠲᠡᠷᠭᠡ ᠵᠣᠭᠰᠣᠭᠠᠬᠤ ᠭᠠᠵᠠᠷ ᠵᠢᠴᠢ ᠣᠯᠠᠨ ᠨᠡᠶᠢᠲᠡ ᠶᠢᠨ ᠡᠬᠢ ᠪᠠᠶᠠᠯᠢᠭ ᠢ ᠡᠵᠡᠯᠡᠨ ᠬᠡᠷᠡᠭᠯᠡᠭᠰᠡᠨ ᠪᠠᠶᠢᠪᠠᠯ᠂ ᠲᠡᠷᠭᠡᠨ ᠤ ᠡᠵᠡᠨ ᠲᠦᠷᠭᠡᠨ ᠮᠠᠰᠢᠨ ᠲᠡᠷᠭᠡ ᠪᠠᠨ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃      ᠭᠤᠷᠪᠠ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ      ︵ᠨᠢᠭᠡ︶ ᠲᠤᠰ ᠵᠠᠷᠯᠠᠯ ᠤᠨ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ ᠰᠢᠳᠬᠡᠨ ᠲᠣᠷᠭᠠᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠎ ᠶᠢᠨ ᠲᠣᠭᠲᠠᠭᠠᠯ ᠢ ᠦᠨᠳᠦᠰᠦᠯᠡᠨ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ︵ᠬᠤᠶᠠᠷ︶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠲᠡᠪᠴᠢᠵᠦ᠂ ᠡᠰᠡᠷᠭᠦᠴᠡᠯᠳᠦᠵᠦ᠂ ᠬᠠᠷᠰᠢᠯᠠᠪᠠᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾᠎ ᠶᠢᠨ ᠶᠣᠰᠣᠭᠠᠷ ᠰᠢᠳᠬᠡᠨ ᠲᠣᠷᠭᠠᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠶ ᠪᠥᠭᠡᠳ ᠶᠠᠯᠠᠲᠤ ᠠᠵᠢᠯᠯᠠᠭ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠴᠢ ᠵᠠᠮ ᠬᠠᠷᠢᠯᠴᠠᠭᠠᠨ ᠤ ᠡᠮᠬᠢ ᠳᠢᠭᠯᠢᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠶ ᠬᠠᠮᠵᠢᠯᠴᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠵᠢᠴᠢ ᠬᠤᠯᠪᠣᠭᠳᠠᠯ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠢᠯᠣᠭᠤᠳᠣᠯᠭ᠎ᠠ ᠪᠠ ᠬᠠᠮᠢᠶᠠᠷᠤᠯᠲᠠ ᠶᠢ ᠳᠠᠭᠠᠵᠤ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠰᠡᠷᠭᠦᠴᠡᠨ ᠬᠤᠷᠢᠭᠯᠠᠵᠤ᠂ ᠪᠣᠯᠪᠠᠰᠤᠨ ᠪᠤᠰᠤ ᠵᠠᠮ ᠬᠠᠷᠢᠯᠴᠠᠭᠠᠨ ᠤ ᠮᠠᠭᠤ ᠳᠠᠳᠬᠠᠯ ᠢ ᠲᠠᠶᠠᠭᠳᠠᠵᠤ᠂ ᠬᠠᠤᠯᠢ ᠶᠣᠰᠣᠭᠠᠷ ᠪᠣᠯᠪᠠᠰᠤᠨ ᠢᠶᠠᠷ ᠵᠠᠮ ᠬᠠᠷᠢᠯᠴᠠᠭᠠᠨ ᠳᠤ ᠣᠷᠣᠯᠴᠠᠵᠤ᠂ ᠠᠮᠤᠷ ᠲᠦᠪᠰᠢᠨ᠂ ᠪᠣᠯᠪᠠᠰᠤᠨ᠂ ᠰᠠᠭᠠᠳ ᠥᠬᠡᠶ ᠨᠡᠪᠲᠡᠷᠡᠬᠦ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠬᠡᠷᠡᠭᠲᠡᠶ᠃      ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ      ᠠᠪᠠᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ                                2024 ᠣᠨ ᠤ 4 ᠰᠠᠷ᠎ᠠ ᠶᠢᠨ 11᠎ ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号