ᠠᠪᠠᠭ᠎ᠠ ᠬᠤᠰᠢᠭᠤᠨ ᠤ 2024 ᠣᠨ ᠤ ᠠᠵᠢᠯ ᠣᠯᠬᠤ ᠳᠤ ᠬᠦᠴᠢᠷᠲᠡᠢ ᠬᠥᠮᠥᠰ ᠢ  ᠲᠣᠭᠲᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/4/12
     ᠠᠵᠢᠯ ᠣᠯᠭᠤᠯᠲᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠩ ᠰᠠᠶᠢᠨ ᠨᠠᠶᠢᠳᠠᠪᠤᠷᠢᠵᠢᠭᠤᠯᠵᠤ᠂ ᠠᠵᠢᠯ ᠣᠯᠬᠤ ᠳᠤ ᠬᠦᠴᠢᠷᠲᠡᠢ ᠬᠥᠮᠥᠰ ᠢ ᠲᠣᠭᠲᠠᠭᠠᠬᠤ ᠠᠵᠢᠯ ᠢ ᠵᠢᠷᠤᠮᠵᠢᠭᠤᠯᠤᠨ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠪᠦᠷᠢᠨᠰᠢᠭᠦᠯᠬᠦ ᠶᠢᠨ ᠲᠣᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠬᠤ ᠳᠤ ᠬᠦᠴᠢᠷᠲᠡᠢ ᠬᠥᠮᠥᠰ ᠢ ᠮᠠᠭᠠᠳᠯᠠᠨ ᠲᠣᠭᠲᠠᠭᠠᠬᠤ ᠠᠷᠭ᠎ᠠ︾᠎ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ 2024 ᠣᠨ ᠤ ᠠᠵᠢᠯ ᠣᠯᠬᠤ ᠳᠤ ᠬᠦᠴᠢᠷᠲᠡᠢ ᠬᠥᠮᠥᠰ ᠢ ᠲᠣᠭᠲᠠᠭᠠᠬᠤ ᠠᠵᠢᠯ ᠢ ᠥᠷᠨᠢᠭᠦᠯᠬᠦ ᠪᠠᠷ ᠪᠠᠶᠢᠨ᠎ᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠬᠡᠪᠴᠢᠶ᠎ᠡ ᠪᠠ ᠮᠠᠭᠠᠳᠯᠠᠨ ᠲᠣᠭᠲᠠᠭᠠᠬᠤ ᠪᠠᠷᠢᠮᠵᠢᠶ᠎ᠠ      ᠠᠵᠢᠯ ᠣᠯᠬᠤ ᠳᠤ ᠬᠦᠴᠢᠷᠲᠡᠢ ᠬᠥᠮᠥᠰ ᠭᠡᠳᠡᠭ ᠨᠢ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠥᠰ ᠤᠨ ᠳᠣᠲᠣᠷᠠᠬᠢ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷ᠎ᠠ᠂ ᠬᠥᠳᠡᠯᠮᠦᠷᠢᠯᠡᠬᠦ ᠴᠢᠳᠠᠪᠤᠷᠢ ᠲᠠᠢ ᠮᠥᠷᠲᠡᠭᠡᠨ ᠠᠵᠢᠯ ᠣᠯᠬᠤ ᠬᠦᠰᠡᠯ ᠲᠠᠢ ᠪᠥᠭᠡᠳ ᠨᠢᠭᠡᠨᠲᠡ ᠠᠵᠢᠯ ᠠᠯᠳᠠᠭᠰᠠᠨ ᠢᠶᠠᠨ ᠳᠠᠩᠰᠠᠯᠠᠭᠤᠯᠤᠭᠰᠠᠨ ᠳᠣᠣᠷ᠎ᠠ ᠵᠢᠭᠰᠠᠭᠠᠭᠰᠠᠨ 6 ᠲᠥᠷᠥᠯ ᠤᠨ ᠬᠥᠮᠥᠰ ᠢ ᠵᠢᠭᠠᠵᠤ ᠪᠣᠶ᠃      ︵ᠨᠢᠭᠡ︶ ᠢᠳᠠᠷ ᠨᠠᠰᠣᠨ ᠤ ᠠᠵᠢᠯ ᠠᠯᠳᠠᠭᠰᠠᠳ᠃ ᠪᠠᠶᠢᠩᠭᠤ ᠰᠠᠭᠤᠭ᠎ᠠ ᠭᠠᠵᠠᠷ ᠲᠠᠭᠠᠨ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠰᠠᠭᠤᠭᠰᠠᠨ ᠪᠥᠭᠡᠳ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ ᠣᠷᠣᠯᠴᠠᠭᠠᠳ 1 ᠵᠢᠯ ᠠᠴᠠ ᠳᠡᠭᠡᠭᠰᠢ ᠪᠣᠯᠤᠭᠰᠠᠨ ᠡᠮᠡᠭᠲᠡᠢ ᠪᠦᠬᠦᠯᠢ 40 ︱ 50 ᠨᠠᠰᠤ ᠬᠦᠷᠦᠭᠰᠡᠨ᠂ ᠡᠷᠡᠭᠲᠡᠢ ᠪᠦᠬᠦᠯᠢ 50 ︱ 60 ᠨᠠᠰᠤ ᠬᠦᠷᠦᠭᠰᠡᠨ ᠠᠵᠢᠯ ᠠᠯᠳᠠᠭᠰᠠᠳ ︵40 ᠨᠠᠰᠣ᠂ 50  ᠨᠠᠰᠣ ᠶᠢ ᠪᠠᠭᠳᠠᠭᠠᠨ᠎ᠠ︶᠎ ᠢ ᠵᠢᠭᠠᠵᠤ ᠪᠣᠶ᠃      ︵ᠬᠤᠶᠠᠷ︶ ᠵᠡᠮᠳᠡᠭ ᠬᠥᠮᠥᠰ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾᠎ ᠲᠠᠢ ᠵᠡᠮᠳᠡᠭᠴᠦᠳ ᠢ ᠵᠢᠭᠠᠵᠤ ᠪᠤᠶ᠃      ︵ᠭᠤᠷᠪᠠ︶ ᠠᠵᠢᠯᠯᠠᠭᠰᠠᠳ ᠦᠬᠡᠢ ᠭᠡᠷ ᠪᠦᠯᠢ ᠶᠢᠨ ᠪᠦᠷᠢᠯᠳᠦᠭᠦᠨ᠃ ᠠᠳᠠᠯᠢ ᠨᠢᠭᠡᠨ ᠭᠡᠷ ᠪᠦᠯᠢ ᠶᠢᠨ ᠡᠷᠦᠬᠡ ᠠᠮᠠ ᠶᠢᠨ ᠲᠠᠩᠰᠠᠨ ᠳᠤ 2 ᠪᠤᠶᠤ 2  ᠎ ᠠᠴᠠ ᠳᠡᠭᠡᠭᠰᠢ ᠬᠠᠮᠲᠤ ᠠᠮᠢᠳᠤᠷᠠᠵᠤ ᠪᠠᠶᠢᠭ᠎ᠠ ᠪᠦᠷᠢᠯᠳᠦᠭᠦᠨ ᠲᠠᠢ ᠪᠥᠭᠡᠳ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠱᠠᠭᠠᠷᠳᠠᠯᠭ᠎ᠠ ᠲᠠᠢ ᠭᠡᠷ ᠪᠦᠯᠢ ᠶᠢᠨ ᠪᠦᠷᠢᠯᠳᠦᠭᠦᠨ ᠨᠢ ᠴᠥᠮ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ ᠮᠥᠷᠲᠡᠭᠡᠨ ᠡᠵᠡᠩᠨᠡᠯᠲᠡ ᠶᠢᠨ ᠴᠢᠨᠠᠷᠲᠠᠢ᠂ ᠪᠡᠯᠡ ᠣᠷᠣᠭᠤᠯᠤᠯᠲᠠ ᠶᠢᠨ ᠴᠢᠨᠠᠷᠲᠠᠢ ᠣᠷᠣᠯᠭ᠎ᠠ ᠦᠭᠡᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠬᠥᠮᠥᠰ ᠢ ᠵᠢᠭᠠᠵᠤ ᠪᠣᠶ᠃      ︵ᠳᠥᠷᠪᠡ︶ ᠭᠠᠵᠠᠷ ᠰᠢᠷᠣᠢ ᠪᠠᠨ ᠠᠯᠳᠠᠭᠰᠠᠨ ᠮᠠᠯᠴᠢᠨ ᠲᠠᠷᠢᠶᠠᠴᠢᠨ᠃ ᠬᠤᠰᠢᠭᠤ ᠰᠢᠶᠠᠨ ᠤ ᠱᠠᠲᠤᠨ  ᠎ ᠠᠴᠠ ᠳᠡᠭᠡᠭᠰᠢᠬᠢ ᠵᠠᠰᠠᠭ ᠤᠨ ᠣᠷᠳᠣᠨ  ᠎ ᠠᠴᠠ ᠬᠠᠤᠯᠢ ᠶᠣᠰᠣᠭᠠᠷ ᠨᠢᠭᠡᠳᠦᠯᠲᠡᠢ ᠭᠠᠵᠠᠷ ᠲᠠᠲᠠᠪᠤᠷᠢᠯᠠᠬᠤ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠤᠯ ᠤᠨ ᠳᠠᠭᠠᠭᠠᠴᠢᠯᠠᠭᠰᠠᠨ ᠲᠠᠷᠢᠶᠠᠨ ᠭᠠᠵᠠᠷ ᠪᠤᠶᠤ ᠨᠤᠲᠤᠭ ᠪᠡᠯᠴᠢᠭᠡᠷ ᠢᠶᠠᠨ ᠪᠦᠷᠢᠮᠦᠰᠦᠨ ᠠᠯᠳᠠᠭᠰᠠᠨ᠂ ᠡᠮᠡᠭᠲᠡᠢ ᠪᠦᠬᠦᠯᠢ 40 ᠨᠠᠰᠤ ᠬᠦᠷᠦᠭᠰᠡᠨ᠂ ᠡᠷᠡᠭᠲᠡᠢ ᠪᠦᠬᠦᠯᠢ 50 ᠨᠠᠰᠤ ᠵᠢᠴᠢ ᠲᠡᠭᠦᠨ ᠠᠴᠠ ᠳᠡᠭᠡᠭᠰᠢᠬᠢ ᠮᠠᠯᠴᠢᠨ ᠲᠠᠷᠢᠶᠠᠴᠢᠨ ᠢ ᠵᠢᠭᠠᠵᠤ ᠪᠣᠶ᠃ ᠬᠦᠷᠳᠠᠵᠣ ᠪᠠᠶᠢᠭ᠎ᠠ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠰᠠᠷ᠎ᠠ ᠶᠢᠨ ᠪᠠᠷᠢᠮᠵᠢᠶ᠎ᠠ ᠨᠢ ᠲᠤᠬᠠᠢ ᠶᠢᠨ ᠭᠠᠵᠠᠷ ᠤᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠠᠴᠠ ᠥᠨᠳᠥᠷ ᠪᠠᠶᠢᠬᠤ ᠬᠥᠮᠥᠨ ᠢ ᠪᠠᠭᠳᠠᠭᠠᠬᠤ ᠦᠬᠡᠢ᠃      ︵ᠲᠠᠪᠤ︶ ᠤᠷᠳᠤ ᠬᠤᠭᠤᠴᠠᠭ᠎ᠠ ᠪᠠᠷ ᠠᠵᠢᠯ ᠠᠯᠳᠠᠭᠰᠠᠳ᠃ ᠬᠠᠮᠤᠭ ᠨᠠᠭᠠᠲᠤ ᠵᠠᠬ᠎ᠠ ᠵᠢᠨ‌ᠠᠮᠢᠳᠤᠷᠠᠯ ᠤᠨ ᠪᠠᠲᠤᠯᠠᠭ᠎ᠠ ᠶᠢᠨ ᠬᠠᠷᠠᠭᠠᠯᠵᠠᠯ ᠢ ᠭᠥᠷᠳᠡᠵᠦ ᠪᠠᠶᠢᠭ᠎ᠠ ᠮᠥᠷᠲᠡᠭᠡᠨ ᠵᠠᠯᠭᠠᠭ᠎ᠠ ᠪᠠᠷ 1 ᠵᠢᠯ ᠠᠴᠠ ᠳᠡᠭᠡᠭᠰᠢ ᠠᠵᠢᠯ ᠠᠯᠳᠠᠭᠰᠠᠨ ᠢᠶᠠᠷ ᠳᠠᠩᠰᠠᠯᠠᠭᠤᠯᠤᠭᠠᠳ ᠪᠦᠬᠦᠯᠢ 35 ᠨᠠᠰᠤ ᠬᠦᠷᠦᠭᠰᠡᠨ ᠡᠮᠡᠭᠲᠡᠢ᠂ ᠪᠦᠬᠦᠯᠢ 45 ᠨᠠᠰᠤ ᠬᠦᠷᠦᠭᠰᠡᠨ ᠡᠷᠡᠭᠲᠡᠢ ᠠᠵᠢᠯ ᠠᠯᠳᠠᠭᠰᠠᠳ ᠢ ᠵᠢᠭᠠᠵᠤ ᠪᠣᠶ︔      ︵ᠵᠢᠷᠭᠤᠭ᠎ᠠ︶ ᠠᠵᠢᠯ ᠣᠯᠬᠤ ᠲᠤ ᠬᠦᠴᠢᠷᠲᠡᠢ ᠳᠡᠭᠡᠳᠦ ᠰᠤᠷᠭᠠᠭᠤᠯᠢ ᠲᠡᠭᠦᠰᠦᠭᠰᠡᠳ᠃ ᠰᠤᠷᠭᠠᠭᠤᠯᠢ ᠲᠡᠬᠦᠰᠦᠬᠡᠳ 2 ᠵᠢᠯ ᠪᠤᠶᠤ 2 ᠵᠢᠯ ᠠᠴᠠ ᠳᠡᠭᠡᠭᠰᠢ ᠪᠣᠯᠲᠠᠯ᠎ᠠ ᠶᠡᠷᠦ ᠠᠴᠠ ᠠᠵᠢᠯ ᠣᠯᠣᠭᠰᠠᠨ ᠦᠭᠡᠢ ᠳᠡᠭᠡᠳᠦ ᠰᠤᠷᠭᠠᠭᠤᠯᠢ ᠲᠡᠭᠦᠰᠦᠭᠰᠡᠳ ︵ᠳᠡᠭᠡᠳᠦ ᠰᠤᠷᠭᠠᠭᠤᠯᠢ ᠲᠡᠭᠦᠰᠦᠭᠰᠡᠳ ᠭᠤᠣᠯᠳᠠᠭᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ  ᠎ ᠠᠴᠠ ᠲᠡᠭᠦᠰᠦᠭᠰᠡᠨ ᠰᠣᠷᠣᠭᠴᠢ ᠶᠢ ᠵᠢᠭᠠᠵᠤ ᠪᠣᠶ︶᠎ ᠢ ᠵᠢᠭᠠᠵᠤ ᠪᠣᠶ᠃      ᠬᠤᠶᠠᠷ᠂  ᠲᠣᠭᠲᠠᠭᠠᠬᠤ ᠵᠢᠷᠤᠮ      ︵ᠨᠢᠭᠡ︶ ᠰᠠᠶᠢᠨ ᠳᠤᠷ᠎ᠠ ᠠᠴᠠ ᠪᠠᠨ ᠭᠤᠶᠤᠴᠢᠯᠠᠬᠤ᠃ ᠳᠡᠭᠡᠷ᠎ᠡ ᠳᠤᠷᠠᠳᠤᠭᠰᠠᠨ ᠨᠥᠬᠦᠴᠡᠯ ᠤᠳ ᠤᠨ ᠨᠢᠭᠡ ᠎ ᠳᠤᠨᠢ ᠨᠡᠶᠢᠴᠡᠭᠰᠡᠨ ᠬᠥᠮᠥᠰ᠂ ᠪᠠᠶᠢᠩᠭᠤ ᠰᠠᠭᠤᠭ᠎ᠠ ᠭᠠᠵᠠᠷ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤ ᠭᠤᠶᠤᠴᠢᠯᠠᠯ ᠳᠡᠪᠰᠢᠭᠦᠯᠵᠦ ᠪᠣᠯᠣᠨ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠬᠤ ᠳᠤ ᠬᠦᠴᠢᠷᠲᠡᠢ ᠬᠥᠮᠥᠰ ᠢᠶᠠᠷ ᠭᠤᠶᠣᠴᠢᠯᠠᠨ ᠲᠣᠭᠳᠠᠭᠠᠬᠤ ᠬᠢᠨᠠᠨ ᠵᠦᠪᠰᠢᠶᠠᠷᠠᠯ ᠤᠨ ᠬᠦᠰᠦᠨᠦᠭᠲᠦ︾᠎ ᠶᠢ ᠲᠠᠭᠯᠠᠬᠤ ᠶᠢᠨ ᠬᠠᠮᠲᠤ᠂ ᠲᠣᠰ ᠬᠥᠮᠥᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠠᠵᠢᠯ ᠣᠯᠵᠤ ᠠᠵᠢᠯ ᠠᠯᠳᠠᠭᠰᠠᠨ ᠳᠠᠩᠰᠠᠯᠠᠯᠲᠠ ᠶᠢᠨ ᠦᠨᠡᠮᠯᠡᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠷ ᠳᠡᠪᠲᠡᠷ ︵ᠲᠣᠰ ᠭᠠᠵᠠᠷ ᠤᠨ ᠡᠷᠦᠬᠡ ᠠᠮᠠ ᠶᠢᠨ ᠬᠠᠷᠢᠶ᠎ᠠ ᠶᠢᠨ ᠪᠤᠰᠤ ᠬᠥᠮᠥᠰ ᠣᠷᠣᠰᠢᠨ ᠰᠠᠭᠤᠬᠤ ᠭᠡᠷᠡᠴᠢ ᠬᠠᠩᠭᠠᠬᠤ ᠬᠡᠷᠡᠭᠲᠡᠢ︶᠎ ᠢ ᠬᠠᠩᠭᠠᠬᠤ ᠶᠢᠨ ᠬᠠᠮᠲᠤ᠂ ᠬᠡᠪᠴᠢᠶ᠎ᠡ ᠪᠠ ᠲᠣᠭᠳᠠᠭᠠᠬᠤ ᠪᠠᠷᠢᠮᠵᠢᠶ᠎ᠠ ᠶᠣᠰᠣᠭᠠᠷ᠂ ᠠᠳᠠᠯᠢ ᠪᠤᠰᠤ ᠲᠥᠷᠥᠯ ᠢᠯᠭᠠᠯ ᠤᠨ ᠬᠥᠮᠥᠰ ᠪᠠᠰᠠ ᠲᠣᠰ ᠲᠣᠰ ᠳᠣᠣᠷᠠᠬᠢ ᠴᠢᠬᠤᠯᠠ ᠨᠥᠬᠦᠴᠡᠯ ᠢ ᠬᠠᠩᠭᠠᠬᠤ ᠬᠡᠷᠡᠭᠲᠡᠢ᠄      ⒈ ᠵᠡᠮᠳᠡᠭᠴᠦᠳ ᠲᠤ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠬᠢᠨᠠᠨ ᠣᠯᠭᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾᠎ ᠢᠶᠠᠨ ᠬᠠᠩᠭᠠᠨ᠎ᠠ  ︔      ⒉ ᠭᠠᠵᠠᠷ ᠰᠢᠷᠣᠢ ᠪᠠᠨ ᠲᠠᠳᠠᠪᠣᠷᠢᠯᠠᠭᠳᠠᠭᠰᠠᠨ ᠮᠠᠯᠴᠢᠨ ᠲᠠᠷᠢᠶᠠᠴᠢᠳ ᠭᠠᠵᠠᠷ ᠰᠢᠷᠣᠢ ᠶᠢ ᠲᠠᠲᠠᠪᠤᠷᠢᠯᠠᠨ ᠬᠡᠷᠡᠭᠯᠡᠬᠦ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠢ︔      ⒊ᠠᠵᠢᠯ ᠣᠯᠬᠤ ᠲᠤ ᠬᠦᠴᠢᠷᠲᠡᠢ ᠳᠡᠭᠡᠳᠦ ᠰᠤᠷᠭᠠᠭᠤᠯᠢ ᠲᠡᠭᠦᠰᠦᠭᠰᠡᠳ ᠰᠤᠷᠭᠠᠭᠤᠯᠢ ᠲᠡᠭᠦᠰᠦᠭᠰᠡᠨ ᠦᠨᠡᠮᠯᠡᠯ ᠵᠡᠷᠭᠡ ᠬᠡᠷᠡᠴᠢ ᠮᠠᠲ᠋ᠧᠷᠢᠶᠠᠯ ᠢᠶᠠᠨ ᠬᠠᠩᠭᠠᠨ᠎ᠠ᠃      ⒋ᠣᠷᠳᠣ ᠬᠤᠭᠤᠴᠠᠭ᠎ᠠ ᠪᠠᠷ ᠠᠵᠢᠯ ᠠᠯᠳᠠᠭᠰᠠᠳ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠣᠯᠭᠤᠭᠰᠠᠨ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷᠡᠴᠢ ᠶᠢ ᠬᠠᠩᠭᠠᠨ᠎ᠠ᠃      ⒌ ᠠᠵᠢᠯᠯᠠᠭᠰᠠᠳ ᠦᠬᠡᠢ ᠭᠡᠷ ᠪᠦᠯᠢ ᠶᠢᠨ ᠪᠦᠷᠢᠯᠳᠦᠭᠦᠨ ᠤ ᠬᠡᠷᠡᠴᠢ ᠮᠠᠲ᠋ᠧᠷᠢᠶᠠᠯ ᠪᠠ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠭᠡᠷᠡᠴᠢ ᠶᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠦᠪᠡᠷᠳᠡᠬᠡᠨ ᠬᠠᠷᠭᠤᠭᠤᠯᠣᠨ᠎ᠠ︔      ᠠᠵᠢᠯ ᠣᠯᠬᠤ ᠳᠤ ᠬᠦᠴᠢᠷᠲᠡᠢ ᠪᠠᠷ ᠲᠣᠭᠲᠠᠭᠠᠭᠰᠠᠨ ᠬᠥᠮᠥᠰ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ ᠰᠢᠨ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠬᠤᠶᠠᠳᠤᠭᠠᠷ ᠳᠠᠪᠬᠤᠷᠯᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤ ᠬᠦᠷᠴᠦ ᠭᠤᠶᠤᠴᠢᠯᠠᠯ ᠢᠶᠠᠨ ᠲᠠᠪᠰᠢᠬᠦᠯᠦᠨ᠎ᠠ᠃ ᠲᠣᠰ ᠮᠠᠳᠡᠭᠳᠠᠯ ᠢ ᠦᠷᠬᠡᠨ ᠣᠯᠠᠨ ᠲᠦᠮᠡᠨ ᠬᠠᠷᠢᠯᠴᠠᠨ ᠮᠡᠳᠡᠭᠳᠡᠬᠦ ᠶᠢ ᠬᠦᠰᠡᠵᠦ ᠪᠠᠶᠢᠨ᠎ᠠ᠃      ᠬᠠᠷᠢᠯᠴᠠᠬᠤ ᠤᠲᠠᠰᠤ᠄ 0479 ︱ 2022800
 
ᠢᠷᠡᠯᠲᠡ᠄ ᠠᠪᠠᠭ᠎ᠠ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号