ᠠᠪᠠᠭ᠎ᠠ ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠳᠠᠭᠠᠨ ᠴᠢᠨᠠᠷᠲᠠᠢ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠡᠮ ᠬᠡᠷᠡᠭᠯᠡᠬᠦ ᠠᠵᠢᠯ ᠢ ᠥᠷᠭᠡᠳᠬᠡᠬᠦ ᠲᠤᠬᠠᠢ ᠰᠠᠨᠠᠭᠤᠯᠭ᠎ᠠ
ᠨᠡᠶᠢᠲᠡᠯᠡᠭᠰᠡᠨ ᠴᠠᠭ᠄
2024/4/12
     ᠦᠨᠳᠦᠰᠦᠨ ᠱᠠᠲᠤᠨ ᠤ ᠡᠮᠴᠢᠯᠡᠭᠡᠨ ᠤ ᠤᠳᠠᠭᠠᠨ ᠴᠢᠨᠠᠷᠲᠠᠢ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠬᠡᠷᠡᠭᠯᠡᠬᠦ ᠡᠮ ᠤᠨ ᠲᠥᠷᠥᠯ ᠵᠦᠢᠯ ᠢ ᠨᠡᠮᠡᠭᠳᠡᠬᠦᠯᠬᠦ ᠳᠤ ᠴᠢᠭᠯᠡᠭᠦᠯᠦᠨ᠂ ᠮᠠᠨ ᠤ ᠬᠤᠰᠢᠭᠤ ᠳᠣᠣᠷᠠᠬᠢ ᠮᠡᠲᠦ ᠰᠠᠨᠠᠭᠤᠯᠭ᠎ᠠ ᠲᠤᠷᠡᠳᠪᠠ᠄      ᠨᠢᠭᠡ ᠳᠤ᠂ ᠦᠨᠳᠦᠰᠦᠨ ᠱᠠᠲᠤ ᠬᠢᠭᠡᠳ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠬᠡᠷᠡᠭᠯᠡᠬᠦ ᠡᠮ ᠢ ᠵᠣᠯᠭᠠᠭᠤᠯᠬᠤ ᠶᠢ ᠠᠬᠢᠭᠤᠯᠤᠨ᠎ᠠ᠃ ᠡᠮ ᠤᠨ ᠵᠦᠢᠯ ᠢ ᠬᠤᠳᠠᠯᠳᠤᠨ ᠠᠪᠬᠤ ᠨᠢᠭᠡᠳᠦᠯᠲᠡᠢ ᠭᠠᠷᠴᠠᠭ ᠪᠠ ᠬᠠᠩᠭᠠᠯᠭ᠎ᠠ ᠶᠢᠨ ᠪᠠᠲᠤᠯᠠᠭ᠎ᠠ ᠶᠢᠨ ᠲᠤᠭᠲᠠᠯᠴᠠᠭ᠎ᠠ ᠶᠢ ᠪᠠᠶᠢᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠬᠡᠷᠡᠭᠯᠡᠬᠦ ᠡᠮ ᠤᠨ ᠠᠪᠴᠠᠯᠳᠤᠯ ᠢ ᠤᠯᠠᠮ ᠨᠢᠭᠡ ᠠᠯᠬᠤᠮ ᠰᠢᠯᠤᠭᠤᠳᠬᠠᠵᠤ᠂ ᠡᠮ ᠬᠡᠷᠡᠭᠯᠡᠬᠦ ᠭᠠᠷᠴᠠᠭ ᠢ ᠨᠢᠭᠡᠳᠦᠯᠲᠡᠢ ᠪᠣᠯᠭᠠᠬᠤ ᠪᠠ ᠡᠮ ᠤᠨ ᠵᠣᠷ ᠢ ᠡᠷᠭᠢᠯᠲᠡ ᠳᠤ ᠣᠷᠣᠭᠤᠯᠬᠤ ᠶᠢ ᠪᠡᠶᠡᠯᠡᠭᠦᠯᠦᠨ᠎ᠡ᠂ ᠵᠢᠱᠢᠶᠡᠯᠡᠪᠡᠯ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠥᠪ ᠤᠨ ᠡᠮ ᠤᠨ ᠭᠡᠷ ᠪᠠ ᠬᠠᠮᠲᠤ ᠪᠠᠷ ᠡᠳ᠋ᠯᠡᠬᠦ ᠬᠢᠲᠠᠳ ᠡᠮ ᠤᠨ ᠭᠡᠷ ᠵᠡᠷᠭᠡ ᠶᠢ ᠪᠠᠶᠢᠭᠤᠯᠵᠤ᠂ ᠦᠨᠳᠦᠰᠦᠨ ᠱᠠᠲᠤᠨ ᠳᠤ ᠡᠮ ᠳᠤᠲᠠᠭᠳᠠᠵᠤ ᠪᠠᠶᠢᠬᠤ ᠶᠢ ᠳᠠᠩᠰᠠᠯᠠᠬᠤ ᠪᠠ ᠲᠣᠬᠢᠷᠠᠭᠤᠯᠤᠨ ᠬᠦᠷᠭᠡᠬᠦ ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠤᠯᠠᠨ ᠲᠦᠮᠡᠨ ᠤ ᠡᠮ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠎ᠡ᠃      ᠬᠤᠶᠠᠷ ᠲᠤ᠂ ᠳᠤᠲᠠᠭᠳᠠᠵᠤ ᠪᠠᠶᠢᠭ᠎ᠠ ᠡᠮ ᠤᠨ ᠵᠦᠢᠯ ᠢ ᠤᠷᠢᠳᠴᠢᠯᠠᠨ ᠪᠣᠯᠵᠣᠵᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠦᠨ᠎ᠡ᠃ ᠤᠯᠠᠨ ᠲᠦᠮᠡᠨ ᠬᠡᠷᠪᠡ ᠡᠷᠡᠭᠦᠯ ᠬᠠᠮᠠᠭᠠᠯᠠᠯ ᠤᠨ ᠬᠤᠷᠢᠶ᠎ᠠ ᠪᠠ ᠠᠯᠪᠠᠨ ᠠᠴᠠ ᠡᠷᠬᠢᠯᠡᠭᠰᠡᠨ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠲᠠᠬᠢ ᠡᠮ ᠤᠨ ᠵᠦᠢᠯ ᠢ ᠲᠣᠬᠢᠷᠠᠭᠤᠯᠵᠤ ᠳᠡᠶᠢᠯᠬᠦ ᠦᠭᠡᠢ ᠪᠣᠯ ᠲᠤᠰ ᠡᠷᠡᠭᠦᠯ ᠬᠠᠮᠠᠭᠠᠯᠠᠯ ᠤᠨ ᠬᠤᠷᠢᠶ᠎ᠠ ᠪᠤᠶᠤ ᠡᠷᠡᠭᠦᠯ ᠬᠠᠮᠠᠭᠠᠯᠠᠯ ᠤᠨ ᠲᠠᠰᠤᠭ ᠲᠠᠢ ᠤᠷᠢᠳᠴᠢᠯᠠᠨ ᠪᠣᠯᠵᠣᠵᠤ᠂ ᠲᠤᠰ ᠪᠠᠶᠢᠭᠤᠯᠤᠮᠵᠢ ᠠᠴᠠ ᠲᠣᠭᠲᠠᠭᠰᠠᠨ ᠬᠤᠭᠤᠴᠠᠭᠠᠨ ᠤ ᠳᠣᠲᠣᠷ᠎ᠠ ᠬᠤᠳᠠᠯᠳᠤᠨ ᠠᠪᠬᠤ ᠶᠢᠨ ᠬᠠᠮᠲᠤ ᠤᠯᠠᠨ ᠲᠦᠮᠡᠨ ᠳᠤ ᠬᠠᠩᠭᠠᠵᠤ ᠥᠭᠭᠦᠨ᠎ᠡ᠃
 
ᠢᠷᠡᠯᠲᠡ᠄ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号