ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠬᠠᠶᠢᠨ | ᠰᠦᠪᠡᠭᠴᠢᠯᠡᠵᠦ᠂ ︽ᠭᠠᠭᠴᠠᠭᠠᠷ ᠢᠶᠠᠨ ᠲᠡᠮᠡᠴᠡᠵᠦ︾ ᠪᠠᠶᠢᠭᠰᠠᠨ ᠠᠴᠠ ᠪᠠᠨ ︽ᠬᠤᠯᠪᠤᠭᠠᠯᠠᠨ ᠪᠠᠶᠠᠵᠢᠬᠤ︾ | ᠬᠡᠯᠪᠡᠷᠢ ᠲᠡᠰᠢ ᠬᠤᠪᠢᠷᠠᠭᠤᠯᠤᠨ᠂ ᠪᠣᠷᠤᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠵᠦ᠂ ᠬᠡᠪᠴᠢᠶᠡᠵᠢᠭᠰᠡᠨ | ᠡᠷᠴᠢᠮᠵᠢᠭᠰᠡᠨ ᠦᠢᠯᠡᠳᠪᠦᠷᠢᠯᠡᠯ ᠤᠨ ᠦᠷ᠎ᠡ ᠠᠰᠢᠭ ᠢ ᠪᠠᠳᠠᠷᠠᠭᠤᠯᠬᠤ ᠶᠢᠨ ᠲᠤᠰᠠᠳᠠ᠂ ᠨᠠᠷᠠᠨᠪᠤᠯᠠᠭ ᠰᠤᠮᠤᠨ ᠤ | ᠶᠢᠰᠦᠨ ᠡᠷᠳᠡᠨᠢ ᠮᠠᠯ ᠠᠵᠤ ᠠᠬᠤᠢ ᠲᠡᠵᠢᠭᠡᠨ ᠦᠷᠡᠵᠢᠭᠦᠯᠬᠦ ᠮᠠᠯᠴᠢᠳ ᠤᠨ ᠲᠤᠰᠬᠠᠢ ᠬᠤᠷᠰᠢᠶᠠᠵᠢᠯ ᠤᠨ | ᠬᠤᠯᠪᠣᠭᠠᠲᠤ ᠬᠤᠷᠰᠢᠶᠠᠵᠢᠯ ︵ᠬᠤᠯᠪᠣᠭᠠᠲᠤ ᠬᠤᠷᠰᠢᠶᠠᠵᠢᠯ ᠭᠡᠵᠦ ᠳᠥᠭᠦᠮᠴᠢᠯᠡᠨ᠎ᠡ︶ 4 ᠰᠠᠷ᠎ᠠ ᠶᠢᠨ | ᠳᠤᠮᠳᠠᠴᠢ ᠠᠴᠠ ᠡᠬᠢᠯᠡᠨ ᠮᠠᠯᠵᠢᠬᠤ ᠡᠷᠦᠬᠡ ᠶᠢ ᠳᠠᠶᠢᠴᠢᠯᠠᠨ 500 ᠲᠣᠯᠣᠭᠠᠢ ᠭᠤᠷᠪᠠᠨ ᠨᠠᠰᠤᠨ ᠠᠴᠠ ᠳᠡᠭᠡᠭᠰᠢᠬᠢ | ᠮᠢᠬᠠᠨ ᠤ ᠦᠬᠡᠷ ᠢ ᠲᠥᠪᠯᠡᠷᠡᠭᠦᠯᠦᠨ ᠬᠠᠰᠢᠶᠠᠯᠠᠵᠤ ᠪᠣᠷᠳᠣᠨ ᠲᠠᠷᠭᠤᠯᠠᠭᠤᠯᠬᠤ ᠲᠦᠷᠦᠯ ᠵᠦᠢᠯ ᠢ ᠥᠷᠨᠢᠭᠦᠯᠬᠦ ᠪᠠᠷ | ᠳᠥᠰᠦᠪᠯᠡᠵᠦ᠂ ᠡᠳᠦᠭᠡ ᠬᠤᠯᠪᠣᠭᠠᠯᠠᠵᠤ ᠬᠠᠮᠲᠤᠷᠠᠬᠤ ᠰᠠᠨᠠᠭᠠᠴᠢᠯᠠᠭ᠎ᠠ ᠲᠠᠢ ᠮᠠᠯᠵᠢᠬᠤ ᠡᠷᠦᠬᠡ ᠶᠢ ᠡᠯᠰᠡᠬᠦ ᠪᠠᠷ | ᠪᠠᠶᠢᠨ᠎ᠠ᠃ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠬᠠᠮᠲᠤᠷᠠᠯᠴᠠᠬᠤ ᠠᠷᠭ᠎ᠠ ᠬᠡᠯᠪᠡᠷᠢ | ᠨᠠᠷᠠᠨᠪᠤᠯᠠᠭ ᠰᠤᠮᠤᠨ ᠳᠤ ᠬᠠᠷᠢᠶᠠᠯᠠᠭᠳᠠᠬᠤ ᠡᠯ᠎ᠡ ᠭᠠᠴᠠᠭᠠᠨ ᠤ ᠬᠤᠯᠪᠣᠭᠠᠯᠠᠵᠤ ᠬᠠᠮᠲᠤᠷᠠᠬᠤ ᠰᠠᠨᠠᠭᠠᠴᠢᠯᠠᠭ᠎ᠠ | ᠲᠠᠢ ᠮᠠᠯᠵᠢᠬᠤ ᠡᠷᠦᠭᠡ ᠳᠣᠣᠷᠠᠬᠢ ᠳᠥᠷᠪᠡᠨ ᠵᠦᠢᠯ ᠤᠨ ᠬᠡᠪ ᠵᠠᠭᠪᠤᠷ ᠠᠴᠠ ᠳᠤᠷ᠎ᠠ ᠶᠢᠨ ᠨᠢᠭᠡ ᠬᠡᠪ ᠵᠠᠭᠪᠤᠷ ᠢ | ᠰᠣᠩᠭᠤᠵᠤ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠠᠵᠢᠯ ᠳᠤ ᠣᠷᠣᠯᠴᠠᠵᠤ ᠪᠣᠯᠣᠨ᠎ᠠ᠃ | ᠬᠡᠪ ᠵᠠᠭᠪᠤᠷ 1 ︱ᠡᠬᠡ ᠪᠡᠯᠡ ᠣᠷᠣᠭᠤᠯᠵᠤ ᠡᠵᠡᠩᠨᠡᠬᠦ ᠠᠷᠭ᠎ᠠ ᠬᠡᠯᠪᠡᠷᠢ᠄ ᠮᠠᠯᠵᠢᠬᠤ ᠡᠷᠦᠬᠡ ᠪᠡᠯᠡ | ᠮᠥᠩᠭᠦ ᠪᠠᠷ ᠬᠤᠪᠢ ᠣᠷᠣᠭᠤᠯᠬᠤ ᠪᠤᠶᠤ ᠥᠪᠡᠷ ᠤᠨ ᠦᠬᠡᠷ ᠢᠶᠠᠨ ᠦᠨᠡᠯᠡᠵᠦ ᠬᠤᠪᠢ ᠣᠷᠣᠭᠤᠯᠬᠤ ᠠᠷᠭ᠎ᠠ | ᠮᠠᠶ᠋ᠢᠭ ᠢᠶᠠᠷ ᠳᠠᠮᠵᠢᠨ ᠮᠢᠬᠠᠨ ᠤ ᠦᠬᠡᠷ ᠪᠣᠷᠳᠣᠬᠤ᠂ ᠨᠢᠲᠤᠯᠬᠤ᠂ ᠡᠳ᠋ᠰᠢᠭᠦᠯᠬᠦ᠂ ᠪᠣᠷᠣᠯᠠᠭᠤᠯᠬᠤ ᠪᠥᠬᠦ ᠶᠠᠪᠤᠴᠠ ᠶᠢᠨ | ᠠᠵᠤ ᠠᠬᠤᠢ ᠶᠢᠨ ᠡᠵᠡᠩᠨᠡᠯᠲᠡ ᠳᠤ ᠣᠷᠣᠯᠴᠠᠨ᠎ᠠ᠃ ᠪᠣᠷᠳᠣᠨ ᠳᠠᠷᠭᠤᠯᠠᠭᠤᠯᠤᠭᠰᠠᠨ ᠮᠢᠬᠠᠨ ᠤ ᠦᠬᠡᠷ ᠢ | ᠪᠣᠷᠣᠯᠠᠭᠤᠯᠤᠭᠰᠠᠨ ᠤ ᠳᠠᠷᠠᠭ᠎ᠠ᠂ ᠠᠰᠢᠭ ᠬᠤᠨᠵᠢᠪᠤᠷᠢ ᠲᠠᠢ ᠪᠠᠶᠢᠪᠠᠯ᠂ ᠭᠠᠷᠭᠠᠭᠰᠠᠨ ᠪᠡᠯᠡ ᠬᠥᠷᠥᠩᠭᠡ ᠶᠢᠨ ᠡᠵᠡᠯᠡᠬᠦ | ᠬᠠᠷᠢᠴᠠᠯ ᠢᠶᠠᠷ ᠠᠰᠢᠭ ᠣᠷᠣᠯᠭ᠎ᠠ ᠶᠢᠨ ᠬᠤᠪᠢᠶᠠᠷᠢᠯᠠᠯᠲᠠ ᠬᠢᠵᠦ᠂ ᠬᠡᠷᠪᠡ ᠠᠯᠳᠠᠭᠳᠠᠯ ᠲᠠᠢ ᠪᠣᠯᠪᠠᠯ ᠭᠠᠷᠭᠠᠭᠰᠠᠨ | ᠪᠡᠯᠡ ᠬᠥᠷᠥᠩᠭᠡ ᠶᠢᠨ ᠡᠵᠡᠯᠡᠬᠦ ᠬᠠᠷᠢᠴᠠᠯ ᠢᠶᠠᠷ ᠠᠶᠤᠯ ᠳᠥᠭᠰᠢᠬᠦᠷᠢ ᠡᠭᠦᠷᠭᠡᠯᠡᠨ᠎ᠡ᠃ | ᠬᠡᠪ ᠵᠠᠭᠪᠤᠷ 2 ︱ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ ᠠᠷᠭ᠎ᠠ ᠬᠡᠯᠪᠡᠷᠢ᠄ ᠮᠠᠯᠵᠢᠬᠤ ᠡᠷᠦᠬᠡ | ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ ᠦᠬᠡᠷ ᠢᠶᠠᠨ ᠵᠢᠩᠨᠡᠨ ᠦᠨᠡᠯᠡᠭᠰᠡᠨ ᠤ ᠳᠠᠷᠠᠭ᠎ᠠ᠂ 90 ᠡᠳᠦᠷ ᠢᠶᠠᠷ | ᠬᠠᠮᠤᠭ ᠪᠠᠭ᠎ᠠ ᠦᠶᠡᠯᠡᠯ ᠤᠨ ᠬᠤᠭᠤᠴᠠᠭ᠎ᠠ ᠪᠣᠯᠭᠠᠵᠤ᠂ ︽ᠬᠤᠯᠪᠣᠭᠠᠲᠤ ᠬᠤᠷᠰᠢᠶᠠᠵᠢᠯ︾ ᠳᠤ ᠨᠠᠶᠢᠳᠠᠨ ᠪᠣᠷᠳᠣᠨ | ᠳᠠᠷᠭᠤᠯᠠᠭᠤᠯᠤᠨᠠ᠃ ᠨᠠᠶᠢᠳᠠᠨ ᠲᠡᠵᠢᠭᠡᠯᠭᠡᠬᠦ ᠬᠤᠭᠤᠴᠠᠭᠠᠨ ᠳᠤ ᠡᠭᠦᠰᠦᠭᠰᠡᠨ ᠡᠪᠡᠰᠦ ᠪᠣᠷᠳᠤᠭ᠎ᠠ᠂ ᠬᠥᠯᠥᠰᠦᠨ | ᠠᠵᠢᠯᠴᠢᠨ ᠤ ᠬᠥᠯᠥᠰᠦ ᠮᠥᠩᠭᠦ ᠵᠡᠷᠭᠡ ᠠᠯᠢᠪᠠ ᠵᠠᠷᠤᠳᠠᠯ ᠢ ︽ᠬᠤᠯᠪᠣᠭᠠᠲᠤ ᠬᠤᠷᠰᠢᠶᠠᠵᠢᠯ︾ ᠬᠠᠷᠢᠭᠤᠴᠠᠵᠤ᠂ | ᠨᠠᠶᠢᠳᠠᠨ ᠳᠡᠵᠢᠭᠡᠯᠭᠡᠬᠦ ᠬᠤᠭᠤᠴᠠᠭ᠎ᠠ ᠳᠠᠭᠤᠰᠤᠭᠰᠠᠨ ᠤ ᠲᠠᠷᠠᠭ᠎ᠠ ᠮᠠᠯᠵᠢᠬᠤ ᠡᠷᠦᠬᠡ ᠨᠠᠶᠢᠳᠠᠨ ᠲᠡᠵᠢᠭᠡᠯᠭᠡᠬᠦ | ᠵᠠᠷᠤᠳᠠᠯ ᠢᠶᠠᠨ ᠨᠢᠭᠡ ᠯᠡ ᠤᠳᠠᠭ᠎ᠠ ᠳᠤ ᠪᠥᠬᠦᠨ ᠢ ︽ᠬᠤᠯᠪᠣᠭᠠᠲᠤ ᠬᠤᠷᠰᠢᠶᠠᠵᠢᠯ︾ ᠳᠤ ᠪᠣᠳᠣᠵᠤ ᠥᠭᠭᠦᠨ᠎ᠡ | ︵ᠨᠠᠶᠢᠳᠠᠨ ᠳᠡᠵᠢᠭᠡᠯᠭᠡᠭᠰᠡᠨ ᠵᠠᠷᠤᠳᠠᠯ ᠢ ᠡᠳᠦᠷ ᠢᠶᠠᠷ ᠪᠤᠳᠤᠵᠤ ᠬᠤᠷᠢᠶᠠᠨ᠎ᠠ᠂ ᠳᠤᠮᠳᠠᠴᠢ ᠪᠠᠷ ᠡᠳᠦᠷ ᠪᠦᠷᠢ ᠲᠣᠯᠣᠭᠠᠢ | ᠪᠦᠷᠢ 35 ᠲᠥᠭᠦᠷᠢᠭ︶᠃ ᠨᠠᠶᠢᠳᠠᠨ ᠲᠡᠵᠢᠭᠡᠯᠭᠡᠬᠦ ᠭᠡᠷ᠎ᠡ ᠶᠢᠨ ᠬᠤᠭᠤᠴᠠᠭ᠎ᠠ ᠳᠠᠭᠤᠰᠬᠤ ᠦᠶ᠎ᠡ ᠳᠤ᠂ | ︽ᠬᠤᠯᠪᠣᠭᠠᠲᠤ ᠬᠤᠷᠰᠢᠶᠠᠵᠢᠯ︾ ᠨᠢ ᠨᠠᠶᠢᠳᠠᠨ ᠲᠡᠵᠢᠭᠡᠯᠭᠡᠬᠦ ᠮᠢᠬᠠᠨ ᠤ ᠦᠬᠡᠷ ᠤᠨ ᠠᠮᠢᠳᠤ ᠶᠢᠨ ᠬᠦᠨᠳᠦ ᠶᠢ | ᠭᠡᠷ᠎ᠡ ᠳᠤ ᠪᠣᠯᠵᠣᠨ ᠲᠣᠭᠲᠠᠭᠰᠠᠨ ᠬᠠᠷᠠᠯᠲᠠ ᠳᠤ ᠬᠦᠷᠲᠡᠯ᠎ᠡ ᠨᠡᠮᠡᠭᠳᠡᠭᠦᠯᠬᠦ ᠶᠢ ᠪᠠᠲᠤᠯᠠᠨ᠎ᠠ ︵ᠡᠳᠦᠷ ᠪᠦᠷᠢ | ᠳᠤᠮᠳᠠᠴᠢ ᠪᠠᠷ 1.2 ᠺᠢᠯᠣᠭ᠍ᠷᠠᠮ ᠠᠴᠠ ᠳᠡᠭᠡᠭᠰᠢ ᠨᠡᠮᠡᠭᠳᠡᠭᠦᠯᠦᠨ᠎ᠡ︶᠃ ᠮᠠᠯᠵᠢᠬᠤ ᠡᠷᠦᠬᠡ ᠨᠢ ᠪᠣᠷᠳᠣᠨ | ᠳᠠᠷᠭᠤᠯᠠᠭᠤᠯᠤᠭᠰᠠᠨ ᠦᠬᠡᠷ ᠢᠶᠠᠨ ︽ᠬᠤᠯᠪᠣᠭᠠᠲᠤ ᠬᠤᠷᠰᠢᠶᠠᠵᠢᠯ︾ ᠢᠶᠠᠷ ᠳᠠᠮᠵᠢᠨ ᠬᠤᠳᠠᠯᠳᠤᠵᠤ ᠪᠣᠯᠣᠨ᠎ᠠ᠃ | ᠣᠷᠣᠯᠠᠨ ᠲᠡᠵᠢᠭᠡᠬᠦ ᠬᠤᠭᠤᠴᠠᠭᠠᠨ ᠳᠤ ᠨᠠᠶᠢᠳᠠᠯᠭ᠎ᠠ ᠪᠠᠷ ᠲᠡᠵᠢᠭᠡᠯᠭᠡᠬᠦ ᠮᠢᠬᠠᠨ ᠤ ᠦᠬᠡᠷ ᠦᠬᠦᠵᠦ ᠬᠤᠬᠢᠷᠠᠭᠰᠠᠨ | ᠪᠠᠶᠢᠪᠠᠯ᠂ ︽ᠬᠤᠯᠪᠣᠭᠠᠲᠤ ᠬᠤᠷᠰᠢᠶᠠᠵᠢᠯ︾ ᠨᠢ ᠲᠠᠯᠠᠪᠠᠶ ᠳᠤ ᠣᠷᠣᠬᠤ ᠦᠨ᠎ᠡ ᠪᠠᠷ ᠲᠥᠯᠥᠵᠦ᠂ ᠨᠠᠶᠢᠳᠠᠨ | ᠳᠡᠵᠢᠭᠡᠯᠭᠡᠭᠰᠡᠨ ᠬᠤᠭᠤᠴᠠᠭᠠᠨ ᠳᠠᠬᠢ ᠲᠡᠵᠢᠭᠡᠯᠭᠡ ᠶᠢᠨ ᠵᠠᠷᠤᠳᠠᠯ ᠢ ᠬᠡᠯᠲᠦᠷᠢᠭᠦᠯᠦᠨ᠎ᠡ᠃ | ᠬᠡᠪ ᠵᠠᠭᠪᠤᠷ 3 ︱ ᠰᠢᠯᠢᠳᠡᠭ ᠡᠭᠦᠯᠳᠡᠷ ᠤᠨ ᠦᠬᠡᠷ ᠢᠶᠠᠷ ᠰᠣᠯᠢᠬᠤ ᠠᠷᠭ᠎ᠠ ᠬᠡᠯᠪᠡᠷᠢ᠄ ᠰᠣᠯᠢᠬᠤ | ᠠᠷᠭ᠎ᠠ ᠪᠠᠷ ᠳᠠᠮᠵᠢᠨ᠂ ︽ᠬᠤᠯᠪᠣᠭᠠᠲᠤ ᠬᠤᠷᠰᠢᠶᠠᠵᠢᠯ︾ ᠨᠢ ᠭᠤᠷᠪᠠᠳᠤᠭᠠᠷ ᠦᠶ᠎ᠡ ᠠᠴᠠ ᠳᠡᠭᠡᠭᠰᠢᠬᠢ ᠬᠡᠭᠡᠯᠢ ᠲᠠᠢ | ᠪᠤᠶᠤ ᠲᠤᠭᠤᠯ ᠲᠠᠢ ᠰᠢᠮᠧᠨ᠋ᠲ᠋ᠠᠷ ᠡᠬᠡ ᠮᠠᠯ ᠢᠶᠠᠨ ᠮᠠᠯᠵᠢᠬᠤ ᠡᠷᠦᠬᠡ ᠶᠢᠨ ᠭᠠᠷᠭᠠᠯᠲᠠ ᠪᠠᠷ ᠭᠠᠷᠭᠠᠭᠤ ᠰᠠᠨᠠᠭᠠᠲᠠᠢ | ᠭᠤᠷᠪᠠᠨ ᠨᠠᠰᠤᠨ ᠠᠴᠠ ᠳᠡᠭᠡᠭᠰᠢᠬᠢ ᠮᠢᠬᠠᠨ ᠤ ᠦᠬᠡᠷ ᠢ ᠵᠠᠬ᠎ᠠ ᠳᠡᠯᠭᠡᠭᠦᠷ ᠤᠨ ᠦᠨ᠎ᠡ ᠪᠠᠷ ᠨᠤᠭᠤᠯᠤᠨ ᠪᠤᠳᠤᠵᠤ | ᠰᠣᠯᠢᠨ᠎ᠠ᠃ | ᠬᠡᠪ ᠵᠠᠭᠪᠤᠷ 4 ︱ ᠭᠡᠷ᠎ᠡ ᠲᠣᠭᠲᠠᠨ ᠬᠤᠳᠠᠯᠳᠤᠨ ᠠᠪᠬᠤ ᠠᠷᠭ᠎ᠠ ᠬᠡᠯᠪᠡᠷᠢ᠄ ︽ᠬᠤᠯᠪᠣᠭᠠᠲᠤ | ᠬᠤᠷᠰᠢᠶᠠᠵᠢᠯ︾ ᠨᠢ ᠵᠠᠬ᠎ᠠ ᠳᠡᠯᠭᠡᠭᠦᠷ ᠤᠨ ᠦᠨ᠎ᠡ ᠠᠴᠠ 15% ᠢᠯᠡᠭᠦᠦ ᠦᠨ᠎ᠡ ᠪᠠᠷ ᠮᠠᠯᠵᠢᠬᠤ ᠡᠷᠦᠬᠡ ᠶᠢᠨ | ᠭᠤᠷᠪᠠᠨ ᠨᠠᠰᠤᠨ ᠠᠴᠠ ᠳᠡᠭᠡᠭᠰᠢᠬᠢ ᠮᠢᠬᠠᠨ ᠤ ᠦᠬᠡᠷ ᠢ ᠭᠡᠷ᠎ᠡ ᠳᠤᠭᠲᠠᠨ ᠵᠢᠭᠡᠯᠡᠯᠭᠡ ᠪᠠᠷ ᠠᠪᠴᠤ᠂ 5 ᠰᠠᠷ᠎ᠠ ᠶᠢᠨ | ᠳᠣᠲᠣᠷ᠎ᠠ ᠮᠠᠯᠵᠢᠬᠤ ᠡᠷᠤᠭᠡ ᠶᠢᠨ ᠦᠬᠡᠷ ᠤᠨ ᠵᠣᠭᠤᠰ ᠢ ᠨᠢᠭᠡ ᠯᠡ ᠤᠳᠠᠭ᠎ᠠ ᠳᠤ ᠪᠥᠬᠦᠨ ᠢ ᠪᠣᠳᠣᠵᠤ ᠣᠯᠭᠤᠨ᠎ᠠ᠃ | | ᠬᠤᠶᠠᠷ᠂ ᠮᠡᠳᠡᠭᠦᠯᠬᠦ ᠠᠷᠭ᠎ᠠ ᠮᠠᠶ᠋ᠢᠭ | ᠬᠤᠷᠰᠢᠬᠤ ᠰᠠᠨᠠᠭᠠᠲᠠᠢ ᠮᠠᠯᠵᠢᠬᠤ ᠡᠷᠦᠬᠡ ᠸᠢᠴᠠᠲ ᠤᠨ ᠪᠢᠴᠢᠯ ᠫᠷᠣᠭ᠍ᠷᠠᠮ ︵小程序︶ ᠢᠶᠠᠷ ᠬᠠᠮᠢᠶ᠎ᠠ | ᠪᠦᠬᠦᠢ ᠰᠤᠷᠠᠭ ᠵᠠᠩᠭᠢ ᠪᠠᠨ ᠲᠠᠭᠯᠠᠭᠠᠳ ᠸᠢᠴᠠᠲ ᠬᠤᠯᠪᠣᠭᠠᠨ ᠳᠤ ᠣᠷᠣᠭᠠᠷᠠᠢ᠃ | ᠲᠤᠰ ᠵᠠᠷ ᠨᠢ ᠵᠥᠪᠬᠡᠨ ᠵᠠᠬ᠎ᠠ ᠳᠡᠯᠭᠡᠭᠦᠷ ᠤᠨ ᠳᠦᠷᠢᠮᠵᠢᠯ ᠶᠣᠰᠣᠭᠠᠷ ᠬᠤᠷᠰᠢᠬᠤ ᠰᠠᠨᠠᠭᠠᠲᠠᠢ ᠮᠠᠯᠵᠢᠬᠤ | ᠡᠷᠦᠭᠡ ᠶᠢ ᠤᠷᠢᠵᠤ ᠪᠠᠶᠢᠨ᠎ᠠ᠂ ᠬᠠᠤᠯᠢ ᠴᠠᠭᠠᠵᠠ ᠶᠢᠨ ᠬᠦᠴᠦᠨ ᠦᠭᠡᠢ᠃ | ᠶᠢᠰᠦᠨ ᠡᠷᠳᠡᠨᠢ ᠮᠠᠯ ᠠᠵᠤ ᠠᠬᠤᠢ ᠲᠡᠵᠢᠭᠡᠨ ᠦᠷᠡᠵᠢᠭᠦᠯᠬᠦ | ᠮᠠᠯᠴᠢᠳ ᠤᠨ ᠲᠤᠰᠬᠠᠢ ᠬᠤᠷᠰᠢᠶᠠᠵᠢᠯ ᠤᠨ ᠬᠤᠯᠪᠣᠭᠠᠲᠤ ᠬᠤᠷᠰᠢᠶᠠᠵᠢᠯ | | 2024 ᠣᠨ ᠤ 4 ᠰᠠᠷ᠎ᠠ ᠶᠢᠨ 11 ᠤ ᠡᠳᠦᠷ | | | | | |