ᠨᠠᠰᠤᠨᠪᠠᠲᠤ ᠠᠪᠠᠭ᠎ᠠ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 8᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠠᠪᠠᠭ᠎ᠠ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠷᠣᠨ ᠵᠠᠢ ᠶᠢᠨ ᠵᠢᠷᠤᠭ ᠲᠥᠯᠥᠪᠯᠡᠭᠡ ᠪᠠ ᠪᠠᠶᠢᠷᠢᠰᠢᠭᠤᠯᠤᠯᠲᠠ ᠶᠢᠨ ᠵᠦᠭᠯᠡᠭᠦᠷ ᠪᠣᠯᠬᠤᠷ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠡᠭᠡᠭᠡᠨ ᠬᠥᠭᠵᠢᠭᠦᠯᠦᠯᠲᠡ ᠶᠢ ᠡᠮᠬᠢ ᠵᠢᠷᠤᠮ ᠲᠠᠢ ᠠᠬᠢᠭᠤᠯᠬᠤ ᠪᠣᠯ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠤᠷᠢᠲᠠᠯ ᠮᠥᠨ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠤᠨ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ᠂ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ︔ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠵᠢᠯ ᠤᠨ ᠲᠤᠭᠲᠠᠯᠴᠠᠭ᠎ᠠ ᠶᠢ ᠪᠦᠷᠢᠨᠰᠢᠭᠦᠯᠵᠦ᠂ ᠬᠠᠮᠵᠢᠯᠴᠠᠨ ᠪᠠᠶᠢᠯᠳᠤᠬᠤ ᠶᠢ ᠴᠢᠩᠭᠠᠳᠬᠠᠨ᠂ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠥᠬᠦ ᠬᠤᠰᠢᠭᠤᠨ ᠤ ᠦᠷᠬᠦᠯᠵᠢᠯᠡᠬᠦᠶᠢᠴᠡ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠦᠨ ᠳᠠᠪᠬᠤᠷᠭ᠎ᠠ ᠶᠢᠨ ᠳᠤᠲᠠᠭᠤᠳᠠᠯ ᠢ ᠳᠠᠬᠢᠨᠲᠠ ᠨᠠᠷᠢᠨ ᠬᠢᠨᠠᠮᠠᠭᠠᠶ ᠡᠮᠬᠢᠯᠡᠵᠦ᠂ ᠭᠦᠨᠵᠡᠭᠡᠶ ᠵᠠᠳᠠᠯᠤᠨ ᠰᠢᠨᠵᠢᠯᠡᠵᠦ᠂ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠦᠨᠡᠨ ᠬᠦ ᠴᠢᠩᠭᠠᠳᠬᠠᠵᠤ᠂ ᠠᠵᠤ ᠠᠬᠤᠶ ᠶᠢᠨ ᠪᠦᠲᠦᠴᠡ ᠶᠢ ᠳᠣᠭᠢᠷᠠᠭᠤᠯᠬᠤ᠂ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠬᠦ᠂ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠰᠢᠢᠳᠪᠦᠷᠢᠯᠡᠬᠦ ᠲᠥᠰᠦᠯ ᠢ ᠳᠤᠷᠠᠳᠬᠤ ᠬᠡᠷᠡᠭᠲᠡᠶ ᠭᠡᠪᠡ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠰᠢᠶᠤᠤ ᠸᠧᠶ᠂ ᠬᠤᠰᠢᠭᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ ᠬᠠᠮᠢᠶ᠎ᠠ ᠪᠥᠬᠦᠶ ᠤᠳᠤᠷᠢᠳᠤᠯᠭ᠎ᠠ ᠪᠠ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号