ᠨᠠᠰᠣᠨᠪᠠᠲᠤ ᠨᠠᠷᠠᠨᠪᠣᠯᠠᠭ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 10᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠨᠠᠷᠠᠨᠪᠤᠯᠠᠭ ᠰᠣᠮᠣᠨ ᠤ ᠶᠢᠰᠦᠨ ᠡᠷᠳᠡᠨᠢ ᠬᠤᠷᠰᠢᠶᠠᠵᠢᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ ᠰᠠᠭᠤᠳᠠᠯ ᠤᠨ ᠬᠤᠷᠠᠯ ᠬᠢᠪᠠ᠃ ᠨᠠᠷᠠᠨᠪᠤᠯᠠᠭ ᠰᠤᠮᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠰᠠᠭᠤᠳᠠᠯ ᠤᠨ ᠬᠤᠷᠠᠯ ᠳᠡᠭᠡᠷ᠎ᠡ᠂ ᠬᠤᠷᠰᠢᠶᠠᠵᠢᠯ ᠤᠨ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ᠂ ᠬᠤᠷᠰᠢᠶᠠᠵᠢᠯ ᠤᠨ ᠬᠠᠷᠢᠭᠤᠴᠠᠯᠭᠠᠲᠠᠨ᠂ ᠮᠠᠯᠴᠢᠨ ᠲᠥᠯᠥᠭᠡᠯᠡᠭᠴᠢᠳ ᠲᠠᠢ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠤᠬᠠᠶ ᠭᠦᠨᠵᠡᠭᠡᠶ ᠰᠠᠨᠠᠯ ᠰᠣᠯᠢᠯᠴᠠᠵᠤ᠂ ᠲᠥᠷᠥ ᠶᠢᠨ ᠪᠣᠳᠣᠯᠭ᠎ᠠ ᠶᠢᠨ ᠬᠡᠷᠡᠭᠯᠡᠯᠲᠡ᠂ ᠵᠢᠷᠤᠮᠵᠢᠭᠰᠠᠨ ᠬᠠᠮᠢᠶᠠᠷᠤᠯᠲᠠ᠂ ᠢᠲᠡᠭᠡᠯ ᠵᠣᠷᠢᠭ ᠵᠡᠷᠭᠡ ᠭᠤᠷᠪᠠᠨ ᠲᠠᠯ᠎ᠠ ᠠᠴᠠ ᠬᠤᠷᠰᠢᠶᠠᠵᠢᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠤᠬᠠᠶ ᠤᠯᠠᠮ ᠨᠢᠭᠡ ᠠᠯᠬᠤᠮ ᠴᠢᠬᠤᠯᠠᠴᠢᠯᠠᠨ ᠪᠠᠶᠢᠷᠢᠯᠠᠭᠤᠯᠪᠠ᠃      ᠨᠠᠰᠤᠨᠪᠠᠲᠤ ᠴᠢᠬᠤᠯᠠᠴᠢᠯᠠᠭᠰᠠᠨ ᠨᠢ᠂ ᠨᠠᠷᠠᠨᠪᠤᠯᠠᠭ ᠰᠤᠮᠤ ᠢᠳᠡᠪᠬᠢᠲᠡᠶ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠲᠥᠷᠥ ᠶᠢᠨ ᠪᠣᠳᠣᠯᠭ᠎ᠠ ᠶᠢ ᠬᠤᠷᠠᠮᠳᠤᠭᠤᠯᠬᠤ᠂ ᠬᠦᠴᠦᠨ ᠵᠦᠢᠯ ᠢ ᠬᠤᠷᠠᠮᠳᠤᠭᠤᠯᠬᠤ ᠪᠠᠷ ᠳᠠᠮᠵᠢᠭᠤᠯᠤᠨ 9 ᠭᠠᠴᠠᠭᠠᠨ ᠤ ᠬᠠᠮᠲᠤ ᠶᠢᠨ ᠨᠤᠲᠤᠭ ᠪᠡᠯᠴᠢᠭᠡᠷ᠂ ᠮᠠᠯ ᠤᠨ ᠡᠬᠢ ᠪᠠᠶᠠᠯᠢᠭ ᠪᠠ ᠰᠠᠭᠤᠷᠢ ᠲᠥᠬᠦᠭᠡᠷᠦᠮᠵᠢ ᠶᠢ ᠤᠷᠢᠳᠠᠪᠠᠷ ᠡᠮᠬᠢᠯᠡᠨ ᠨᠢᠭᠡᠳᠭᠡᠵᠦ᠂ ᠬᠤᠷᠰᠢᠶᠠᠵᠢᠯ ᠪᠠᠶᠢᠭᠤᠯᠤᠨ᠂ ᠮᠠᠯᠴᠢᠳ ᠢ ᠬᠥᠲᠥᠯᠥᠨ ᠵᠢᠯᠣᠭᠤᠳᠴᠤ ︽ᠬᠠᠮᠳᠤᠷᠠᠨ ᠠᠰᠢᠭ ᠬᠦᠷᠲᠡᠵᠦ︾᠂ ᠵᠠᠬ᠎ᠠ ᠳᠡᠯᠭᠡᠭᠦᠷ ᠤᠨ ᠬᠡᠯᠪᠡᠯᠵᠡᠯ ᠪᠠ ᠠᠭᠤᠷ ᠠᠮᠢᠰᠬᠤᠯ ᠤᠨ ᠬᠤᠪᠢᠷᠠᠯᠲᠠ ᠶᠢᠨ ᠨᠥᠯᠥᠭᠡᠯᠡᠯ ᠢ ᠪᠦᠲᠦᠮᠵᠢᠲᠡᠶ ᠠᠷᠭᠠᠴᠠᠵᠤ᠂ ᠮᠠᠯᠵᠢᠬᠤ ᠣᠷᠣᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠯᠠᠪᠳᠠᠭᠤᠨ ᠪᠠᠲᠤᠲᠠᠶ ᠠᠯᠬᠤᠮ ᠠᠯᠬᠤᠭᠰᠠᠨ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠣᠳᠣᠬᠠᠨ ᠤ ᠪᠥᠬᠦ ᠣᠷᠣᠨ᠂ ᠪᠥᠬᠦ ᠠᠶᠢᠮᠠᠭ ᠤᠨ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ᠂ ᠮᠢᠬᠠᠨ ᠤ ᠦᠬᠡᠷ ᠢ ᠣᠨᠳᠣᠤ ᠭᠠᠵᠠᠷ ᠲᠤ ᠲᠡᠵᠢᠭᠡᠯᠭᠡᠬᠦ᠂ ᠲᠥᠪᠯᠡᠷᠡᠭᠦᠯᠦᠨ ᠪᠣᠷᠳᠣᠵᠤ ᠲᠠᠷᠭᠤᠯᠠᠭᠤᠯᠬᠤ᠂ ᠬᠤᠯᠢᠮᠠᠭ ᠲᠡᠵᠢᠭᠡᠯ ᠪᠤᠷᠳᠤᠭ᠎ᠠ ᠶᠢ ᠪᠡᠶ᠎ᠡ ᠪᠠᠨ ᠳᠠᠭᠠᠭᠠᠵᠤ ᠡᠳ᠋ᠰᠢᠭᠦᠯᠬᠦ᠂ ᠰᠢᠮ᠎ᠡ ᠲᠡᠵᠢᠭᠡᠯ ᠢ ᠲᠣᠬᠢᠷᠠᠭᠤᠯᠬᠤ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠬᠤᠷᠰᠢᠶᠠᠵᠢᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠶ︔ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠬᠤ ᠶᠢ ᠪᠠᠷᠢᠮᠲᠠᠯᠠᠬᠤ ᠬᠡᠷᠡᠭᠲᠡᠢ᠃ ᠠᠵᠤ ᠦᠢᠯᠡᠰ ᠤᠨ ᠲᠥᠯᠥᠪᠵᠢᠭᠦᠯᠪᠡ᠂ ᠦᠢᠯᠡᠳᠪᠦᠷᠢᠯᠡᠯ ᠡᠵᠡᠩᠨᠡᠯᠲᠡ᠂ ᠡᠬᠢ ᠪᠠᠶᠠᠯᠢᠭ ᠢ ᠠᠮᠢᠳᠤᠯᠢᠭ ᠪᠣᠯᠭᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠢᠳᠡᠪᠬᠢᠲᠡᠶ ᠪᠠᠷ ᠰᠤᠷᠤᠯᠴᠠᠨ ᠲᠣᠯᠢᠯᠠᠵᠤ᠂ ᠬᠠᠮᠢᠶ᠎ᠠ ᠪᠦᠬᠦᠢ ᠪᠠᠶᠢᠭᠤᠯᠤᠮᠵᠢ ᠲᠤᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠬᠤᠷᠰᠢᠶᠠᠵᠢᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ︔ ᠬᠥᠭᠵᠢᠯᠲᠡ ᠶᠢᠨ ᠢᠲᠡᠭᠡᠯ ᠵᠣᠷᠢᠭ ᠢ ᠲᠣᠭᠲᠠᠭᠤᠨ ᠢᠶᠠᠷ ᠬᠥᠭᠵᠢᠭᠡᠬᠦ ᠬᠡᠷᠡᠭᠲᠡᠶ᠃ ᠬᠤᠷᠰᠢᠶᠠᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠦᠷᠭᠦᠯᠵᠢᠯᠡᠨ ᠳᠠᠶᠢᠴᠢᠯᠠᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠴᠢᠷᠮᠠᠶᠢᠨ ᠪᠦᠷᠢᠯᠳᠦᠭᠦᠯᠵᠦ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢ ᠠᠬᠢᠭᠤᠯᠬᠤ ᠬᠡᠷᠡᠭᠲᠡᠢ ᠭᠡᠵᠡᠢ᠃      ᠨᠠᠰᠤᠨᠪᠠᠲᠤ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠤᠭᠠᠬᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠬᠢᠨᠠᠨ ᠵᠢᠯᠣᠭᠤᠳᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号