ᠥᠪᠥᠷ ᠮᠣᠩᠭᠤᠯ ᠤᠨ ᠠᠮᠢ ᠠᠬᠤᠶ ᠶᠢᠨ ᠵᠠᠰᠠᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠴᠢ ᠳ᠋ᠢ ᠲᠠᠷᠢᠶᠠᠯᠠᠩ ᠤᠨ ᠰᠢᠨᠵᠢᠯᠡᠬᠦ ᠮᠡᠷᠭᠡᠵᠢᠯ ᠤᠨ ᠬᠤᠪᠢ ᠡᠵᠡᠮᠳᠡᠭᠰᠡᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠮᠠ ᠾᠦᠢ ᠮᠢᠩ ᠨᠡᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠠᠮᠢ ᠠᠬᠤᠶ ᠶᠢᠨ ᠵᠠᠰᠠᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠴᠢ ᠳ᠋ᠢ ᠲᠠᠷᠢᠶᠠᠯᠠᠩ ᠤᠨ ᠰᠢᠨᠵᠢᠯᠡᠬᠦ ᠮᠡᠷᠭᠡᠵᠢᠯ ᠤᠨ ᠬᠤᠪᠢ ᠡᠵᠡᠮᠳᠡᠭᠰᠡᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠮᠠ ᠾᠦᠢ ᠮᠢᠩ ᠨᠡᠷ ᠠᠪᠠᠭ᠎ᠠ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠬᠤᠷᠠᠯ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠠᠯᠪᠠᠨ ᠬᠡᠷ ᠤᠨ ᠡᠷᠬᠢᠯᠡᠭᠴᠢ ᠷᠧᠨ ᠬᠤᠤ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠠᠷᠢᠭᠤᠨ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠰᠦᠨ ᠵᠢᠶᠦ᠋ᠨ ᠮᠠᠨ ᠤ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠦᠨᠳᠦᠰᠦᠨ ᠪᠠᠶᠢᠳᠠᠯ ᠢ ᠨᠠᠷᠢᠨ ᠲᠠᠨᠢᠯᠴᠠᠭᠤᠯᠵᠤ᠂ ᠮᠠ ᠾᠦᠢ ᠮᠢᠩ ᠴᠢ ᠳ᠋ᠢ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠰᠢᠨᠵᠢᠯᠡᠬᠦ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ᠂ ᠰᠢᠨ᠎ᠡ ᠶᠢ ᠡᠭᠦᠳᠬᠦ ᠠᠵᠤ ᠦᠢᠯᠡᠰ ᠢ ᠨᠡᠪᠴᠢᠭᠦᠯᠬᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ᠂ ᠬᠠᠮᠵᠢᠯᠴᠠᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠠᠮᠢ ᠠᠬᠤᠢ ᠶᠢ ᠰᠡᠷᠭᠦᠭᠡᠬᠦ᠂ ᠬᠤᠵᠢᠷᠯᠢᠬ ᠭᠠᠵᠠᠷ ᠢ ᠵᠠᠰᠠᠬᠤ ᠵᠡᠷᠭᠡ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠶᠠᠷᠢᠯᠴᠠᠪᠠ᠃ ᠬᠤᠷᠠᠯ ᠳᠤ ᠣᠷᠣᠯᠴᠠᠭᠰᠠᠳ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠮᠠᠨ ᠤ ᠬᠤᠰᠢᠭᠤᠨ ᠤ ᠣᠶᠢᠷ᠎ᠠ ᠶᠢᠨ ᠵᠢᠯ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠳᠤᠮᠳᠠᠬᠢ ᠥᠪᠡᠷᠮᠢᠴᠡ ᠣᠨᠴᠠᠯᠢᠭ ᠲᠠᠢ ᠬᠢᠯᠠᠰ ᠴᠡᠭ ᠤᠨ ᠠᠵᠢᠯ ᠪᠠ ᠣᠯᠤᠭᠰᠠᠨ ᠠᠮᠵᠢᠯᠲᠠ ᠵᠢᠴᠢ ᠲᠤᠯᠭᠠᠷᠠᠭᠰᠠᠨ ᠬᠦᠴᠢᠷᠳᠡᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠤᠬᠠᠶ ᠶᠢᠨ ᠲᠠᠯᠠᠪᠤᠷ ᠤᠨ ᠤᠳᠤᠷᠢᠳᠬᠤ ᠲᠤᠰᠬᠠᠶ ᠮᠡᠷᠭᠡᠵᠢᠯᠲᠡᠨ ᠲᠠᠢ ᠰᠠᠨᠠᠯ ᠢᠶᠠᠨ ᠰᠣᠯᠢᠯᠴᠠᠪᠠ᠃      ᠳᠠᠷᠠᠭ᠎ᠠ ᠳᠤᠨᠢ᠂ ᠬᠤᠷᠠᠯ ᠳᠤ ᠣᠷᠣᠯᠴᠠᠭᠰᠠᠳ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号