ᠸᠠᠩ ᠰᠢᠶᠤᠤ ᠸᠧᠶ ᠨᠠᠷᠠᠨᠪᠤᠯᠠᠭ ᠰᠤᠮᠤ ᠳᠤ ᠭᠦᠨᠵᠡᠭᠡᠶᠢᠷᠡᠨ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠵᠢᠴᠢ ᠬᠠᠪᠤᠷ ᠤᠨ ᠤᠯᠠᠷᠢᠯ ᠤᠨ ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 12᠎ ᠤᠨ ᠡᠳᠦᠷ᠂ ᠶᠢᠰᠦᠳᠦᠭᠡᠷ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠰᠢᠶᠤᠤ ᠸᠧᠶ ᠨᠠᠷᠠᠨᠪᠤᠯᠠᠭ ᠰᠣᠮᠣᠨ ᠳᠤ ᠭᠦᠨᠵᠡᠭᠡᠶᠢᠷᠡᠨ᠂ ᠮᠠᠯᠴᠢᠳ ᠤᠨ ᠦᠢᠯᠡᠳᠪᠤᠷᠢᠯᠡᠯ ᠠᠮᠢᠳᠤᠷᠠᠯ᠂ ᠮᠠᠯ ᠪᠡᠯᠴᠢᠭᠡᠷ ᠤᠨ ᠲᠡᠩᠴᠡᠭᠦᠷᠢ᠂ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠤᠭᠠᠬᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠢᠯᠢ ᠶᠢᠨ ᠴᠡᠷᠢᠭ ᠠᠩᠭᠢ᠂ ᠮᠠᠯᠵᠢᠬᠤ ᠡᠷᠦᠬᠡ ᠳᠤ ᠭᠦᠨᠵᠡᠭᠡᠶᠢᠷᠡᠨ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠪᠠ᠃      ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠪᠦᠦ ᠯᠢᠨ᠂ ᠬᠤᠰᠢᠭᠤ ᠪᠠᠶᠢᠴᠠᠭᠠᠬᠤ ᠬᠤᠷᠢᠶ᠎ᠠ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ᠂ ᠠᠮᠤᠷ ᠲᠦᠪᠰᠢᠨ ᠤ ᠲᠣᠪᠴᠢᠶ᠎ᠠ᠂ ᠤᠯᠤᠰ ᠤᠨ ᠠᠮᠤᠷ ᠲᠦᠪᠰᠢᠨ ᠤ ᠠᠯᠪᠠᠨ ᠬᠡᠷ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠨᠠᠷᠠᠨᠪᠤᠯᠠᠭ ᠰᠣᠮᠣᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃      ᠨᠠᠷᠠᠳᠤ ᠭᠠᠴᠠᠭᠠᠨ ᠤ ᠨᠠᠮ ᠤᠨ ᠭᠡᠰᠢᠭᠦᠨ ᠤ ᠭᠤᠤᠯᠳᠠᠯᠭᠠᠳᠦ ᠡᠷᠦᠭᠡ᠂ ᠬᠢᠯᠢ ᠬᠢᠵᠠᠭᠠᠷ ᠤᠷᠤᠨ ᠢᠶᠠᠨ ᠬᠠᠮᠠᠭᠠᠯᠠᠬᠤ ᠦᠷᠳᠡᠭᠡ ᠶᠢᠨ ᠤᠯᠠᠭᠠᠨᠪᠠᠶᠠᠷ ᠶᠢᠨ ᠭᠡᠷ ᠲᠤ᠂ ᠸᠠᠩ ᠰᠢᠶᠤᠤ ᠸᠧᠢ ᠮᠠᠯᠵᠢᠬᠤ ᠤᠷᠤᠨ ᠤ ᠦᠢᠯᠡᠳᠪᠤᠷᠢᠯᠡᠯ ᠠᠮᠢᠳᠤᠷᠠᠯ᠂ ᠡᠪᠡᠰᠦ ᠪᠤᠷᠳᠤᠭ᠎ᠠ ᠨᠦᠭᠡᠴᠡᠯᠡᠬᠦ᠂ ᠮᠠᠯ ᠠᠵᠤ ᠠᠬᠤᠢ ᠶᠢᠨ ᠠᠰᠢᠭ ᠤᠷᠤᠯᠭ᠎ᠠ᠂ ᠬᠠᠪᠤᠷ ᠤᠨ ᠤᠯᠠᠷᠢᠯ ᠤᠨ ᠮᠠᠯ ᠠᠵᠤ ᠠᠬᠤᠢ᠂ ᠬᠢᠯᠢ ᠬᠢᠵᠠᠭᠠᠷ ᠢᠶᠠᠨ ᠬᠠᠮᠠᠭᠠᠯᠠᠬᠴᠢ ᠳᠤ ᠨᠦᠬᠦᠪᠦᠷᠢ ᠤᠯᠭᠤᠬᠰᠠᠨ ᠵᠡᠷᠭᠡ ᠪᠠᠶᠢᠳᠠᠯ ᠢ ᠨᠠᠷᠢᠨ ᠤᠢᠢᠯᠠᠭᠠᠭᠰᠠᠨ ᠤ ᠬᠠᠮᠳᠤ ᠤᠯᠤᠰ ᠤᠨ ᠠᠮᠤᠷ ᠲᠦᠪᠰᠢᠨ ᠤ ᠴᠢᠬᠤᠯᠠ ᠠᠭᠤᠯᠭ᠎ᠠ ᠪᠠ ᠤᠯᠤᠰ ᠤᠨ ᠠᠮᠤᠷ ᠲᠦᠪᠰᠢᠨ ᠳᠤ ᠬᠤᠤᠷ ᠬᠦᠨᠦᠭᠡᠯ ᠤᠴᠠᠷᠠᠭᠤᠯᠤᠭᠰᠠᠨ ᠠᠵᠢᠯᠯᠠᠭ᠎ᠠ ᠵᠡᠷᠭᠡ ᠶᠢᠨ ᠲᠤᠬᠠᠢ ᠲᠠᠶᠢᠯᠪᠤᠷᠢᠯᠠᠯᠳᠠ ᠬᠢᠵᠤ᠂ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠭᠤᠤᠯ ᠰᠢᠵᠢᠮ ᠪᠤᠯᠭᠠᠨ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠢ ᠯᠠᠪᠳᠠᠭᠤᠨ ᠪᠠᠳᠤᠳᠠᠢ ᠰᠠᠶᠢᠳᠤᠷ ᠦᠷᠨᠢᠬᠦᠯᠵᠤ᠂ ᠬᠢᠯᠢ ᠬᠢᠵᠠᠭᠠᠷ ᠢᠶᠠᠨ ᠪᠠᠳᠤ ᠰᠠᠬᠢᠬᠤ ᠤᠬᠠᠮᠰᠠᠷ ᠪᠠ ᠬᠠᠷᠢᠭᠤᠴᠠᠯᠭ᠎ᠠ ᠶᠢ ᠦᠨᠡᠨ ᠬᠦ ᠪᠠᠳᠤ ᠪᠤᠢ ᠪᠤᠯᠭᠠᠬᠤ ᠭᠡᠷᠡᠭᠳᠠᠢ ᠭᠡᠵᠤ ᠴᠢᠬᠤᠯᠠᠴᠢᠯᠠᠪᠠ᠃      ᠨᠠᠷᠠᠨᠪᠤᠯᠠᠭ ᠰᠤᠮᠤᠨ ᠤ ᠬᠢᠯᠢ ᠶᠢᠨ ᠨᠢᠭᠡ ᠰᠤᠮᠤᠨ ᠠᠩᠭᠢ ᠳᠤ᠂ ᠸᠠᠩ ᠰᠢᠶᠤᠤ ᠸᠧᠶ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠡᠳᠦᠷ ᠲᠤᠲᠤᠮ ᠤᠨ ᠠᠮᠢᠳᠤᠷᠠᠯ᠂ ᠵᠢᠵᠢᠭᠦᠷᠯᠡᠬᠦ ᠪᠣᠯᠪᠠᠰᠤᠷᠠᠯ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠲᠡᠷᠡ᠂ ᠬᠢᠯᠢ ᠶᠢᠨ ᠬᠠᠮᠢᠶᠠᠷᠤᠯᠲᠠ ᠡᠵᠡᠮᠳᠡᠯ ᠤᠨ ᠠᠵᠢᠯ ᠤᠨ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠪᠣᠯᠬᠤᠷ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠢᠶᠠᠨ ᠦᠨᠡᠨ ᠬᠦ ᠴᠢᠩᠭᠠᠳᠬᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠪᠠᠶᠢᠳᠠᠯ ᠢ ᠲᠣᠳᠣᠷᠬᠠᠶ ᠲᠠᠨᠢᠵᠤ᠂ ᠬᠢᠯᠢ ᠶᠢᠨ ᠬᠠᠮᠢᠶᠠᠷᠤᠯᠲᠠ ᠭᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠢᠯᠢ ᠶᠢᠨ ᠬᠠᠮᠢᠶᠠᠷᠤᠯᠲᠠ ᠡᠵᠡᠮᠳᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ᠂ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠲᠤ ᠪᠠᠷ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠲᠣᠭᠲᠠᠴᠠ ᠶᠢ ᠪᠠᠷᠢᠮᠲᠠᠯᠠᠵᠤ᠂ ᠬᠢᠯᠢ ᠶᠢᠨ ᠬᠠᠮᠢᠶᠠᠷᠤᠯᠲᠠ ᠡᠵᠡᠮᠳᠡᠯ ᠤᠨ ᠰᠢᠨ᠎ᠡ ᠰᠡᠳᠬᠢᠴᠡ᠂ ᠰᠢᠨ᠎ᠡ ᠲᠤᠭᠲᠠᠯᠴᠠᠭ᠎ᠠ᠂ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ᠂ ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠵᠤ᠂ ᠬᠢᠯᠢ ᠬᠢᠵᠠᠭᠠᠷ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠬᠢᠯᠢ ᠬᠢᠵᠠᠭᠠᠷ ᠣᠷᠣᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠬᠢᠯᠢ ᠶᠢᠨ ᠬᠠᠮᠢᠶᠠᠷᠤᠯᠲᠠ ᠡᠵᠡᠮᠳᠡᠯ ᠤᠨ ︽ᠡᠴᠦᠰ ᠤᠨ ᠰᠡᠷᠭᠡᠶᠢᠯᠡᠯᠲᠡ ᠶᠢᠨ ᠱᠤᠭᠤᠮ︾᠎ ᠢ ᠪᠦᠬᠦ ᠬᠦᠴᠦᠨ ᠢᠶᠠᠷ ᠢᠶᠠᠨ ᠰᠠᠶᠢᠲᠤᠷ ᠰᠠᠬᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃      ᠸᠠᠩ ᠰᠢᠶᠤᠤ ᠸᠧᠶ ᠨᠡᠷ ᠪᠠᠰᠠ ᠬᠢᠯᠢ ᠶᠢᠨ ᠬᠠᠷᠠᠭᠤᠯ ᠤᠨ ᠰᠤᠪᠤᠷᠭ᠎ᠠ᠂ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ᠂ ᠬᠢᠯᠢ ᠶᠢᠨ ᠵᠠᠭᠠᠭ ᠤᠨ ᠲᠡᠮᠳᠡᠭ ᠪᠣᠯᠤᠨ ᠲᠤᠰᠠᠭᠠᠷᠯᠠᠬᠤ ᠲᠥᠬᠦᠭᠡᠷᠦᠮᠵᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠢᠯᠢ ᠶᠢᠨ ᠭᠤᠤᠯᠳᠠᠯᠭ᠎ᠠ ᠲᠠᠢ ᠣᠷᠣᠨ ᠪᠦᠰᠡ ᠳᠤ ᠴᠠᠭᠳᠠᠨ ᠪᠠᠶᠢᠴᠠᠭᠠᠬᠤ ᠠᠵᠢᠯ ᠥᠷᠨᠢᠭᠦᠯᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号