ᠰᠦᠨ ᠵᠢᠶᠦ᠋ᠨ ᠴᠠᠭᠠᠨᠨᠠᠭᠤᠷ ᠪᠠᠯᠭᠠᠰᠤ᠂ ᠬᠤᠩᠭᠤᠷᠭᠤᠤᠯ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 12᠎ ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠴᠠᠭᠠᠨᠨᠠᠭᠤᠷ ᠪᠠᠯᠭᠠᠰᠤ᠂ ᠬᠤᠩᠭᠤᠷᠭᠤᠤᠯ ᠪᠠᠯᠭᠠᠰᠤᠨ ᠳᠤ ᠭᠦᠨᠵᠡᠭᠡᠶᠢᠷᠡᠨ ᠮᠠᠯ ᠠᠵᠤ ᠠᠬᠤᠶ ᠶᠢᠨ ᠦᠢᠯᠡᠳᠪᠦᠷᠢᠯᠡᠯ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠯᠭᠦᠬᠦ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃      ᠴᠠᠭᠠᠨᠨᠠᠭᠤᠷ ᠪᠠᠯᠭᠠᠰᠤᠨ ᠳᠤ᠂ ᠰᠦᠨ ᠵᠢᠶᠦ᠋ᠨ ᠤᠯᠠᠭᠠᠨᠪᠤᠯᠠᠭ ᠭᠠᠴᠠᠭᠠᠨ ᠤ ᠪᠠᠭᠠᠨ᠎ᠠ᠂ ᠳᠠᠪᠰᠢᠯᠲᠤ ᠭᠠᠴᠠᠭᠠᠨ ᠤ ᠴᠤᠭ᠂ ᠦᠷᠭᠡᠨ᠋ᠣᠨᠳᠤᠷᠠᠯ ᠭᠠᠴᠠᠭᠠᠨ ᠤ ᠵᠤᠤ ᠪᠢᠩ ᠵᠡᠷᠭᠡ ᠮᠠᠯᠵᠢᠬᠤ ᠡᠷᠦᠬᠡ ᠪᠠᠷ ᠬᠦᠷᠴᠦ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠪᠠᠶᠠᠨᠨᠠᠭᠤᠷ ᠭᠠᠴᠠᠭᠠᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠪᠠᠶᠢᠯᠳᠤᠭᠠᠨ ᠤ ᠵᠠᠰᠠᠯᠲᠠ ᠶᠢᠨ ᠴᠡᠭ ᠪᠣᠯᠤᠨ ᠴᠠᠭᠠᠨᠨᠠᠭᠤᠷ ᠪᠠᠯᠭᠠᠰᠤᠨ ᠤ ᠬᠤᠯᠢᠮᠠᠭ ᠲᠡᠵᠢᠭᠡᠯ ᠪᠤᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠴᠠᠭᠠᠨ ᠦᠵᠡᠪᠡ᠃ ᠲᠡᠷᠡ᠂ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠪᠤᠷ ᠤᠨ ᠤᠯᠠᠷᠢᠯ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠮᠠᠯᠴᠢᠳ ᠤᠨ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠢᠨ ᠬᠠᠮᠲᠤ ᠮᠠᠯᠴᠢᠳ ᠢ ᠬᠥᠲᠥᠯᠦᠨ ᠵᠢᠯᠣᠭᠤᠳᠴᠤ ᠪᠠᠶᠢᠭᠠᠳ ︽ᠠᠮᠢ ᠠᠬᠤᠶ ᠶᠢᠨ ᠲᠠᠩᠰᠠ︾᠂ ︽ᠠᠵᠤ ᠠᠬᠤᠶ ᠶᠢᠨ ᠲᠠᠩᠰᠠ︾᠎ ᠶᠢ ᠰᠠᠶᠢᠲᠤᠷ ᠪᠤᠳᠤᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠮᠠᠯ ᠰᠦᠷᠦᠭ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ︽ᠴᠥᠭᠡᠨ ᠲᠡᠵᠢᠭᠡᠬᠦ᠂ ᠨᠠᠷᠢᠯᠢᠭ ᠲᠡᠵᠢᠭᠡᠬᠦ᠂ ᠰᠢᠯᠢᠳᠡᠭ ᠲᠡᠵᠢᠭᠡᠬᠦ︾᠎ ᠶᠢ ᠴᠢᠬᠤᠯᠠᠴᠢᠯᠠᠵᠤ᠂ ᠮᠠᠯ ᠠᠵᠤ ᠠᠬᠤᠶ ᠲᠡᠵᠢᠭᠡᠨ ᠦᠷᠡᠵᠢᠭᠦᠯᠬᠦ ᠠᠮᠢ ᠠᠬᠤᠶ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ︽ᠬᠤᠣᠰ ᠠᠮᠵᠢᠯᠲᠠ︾᠎ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠩᠭᠤᠷᠭᠤᠤᠯ ᠪᠠᠯᠭᠠᠰᠤᠨ ᠳᠤ᠂ ᠰᠦᠨ ᠵᠢᠶᠦ᠋ᠨ ᠤᠷᠢᠳ ᠬᠤᠵᠢᠳ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ᠂ ᠪᠠᠶᠠᠨᠬᠦ᠋ᠭᠵᠢᠯ ᠭᠠᠴᠠᠭᠠᠨ ᠤ ᠤᠯᠠᠭᠠᠨᠴᠡᠴᠡᠭ᠂ ᠰᠠᠷᠠᠭᠤᠯᠲᠤᠶᠠᠭ᠎ᠠ ᠭᠠᠴᠠᠭᠠᠨ ᠤ ᠪᠤᠶᠠᠨᠬᠦᠦ ᠵᠢᠴᠢ ᠪᠠᠶᠠᠨᠬᠦ᠋ᠭᠵᠢᠯ ᠭᠠᠴᠠᠭ᠎ᠠ᠂ ᠰᠠᠷᠠᠭᠤᠯᠳᠤᠶᠠᠭ᠎ᠠ ᠭᠠᠴᠠᠭ᠎ᠠ ᠪᠣᠯᠤᠨ ᠰᠢᠯᠤᠭᠤᠨ ᠬᠥᠬᠡ ᠬᠤᠰᠢᠭᠤᠨ ᠤ ᠠᠭᠤᠯᠵᠠᠷ ᠲᠤ ᠬᠦᠷᠴᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ᠂ ᠰᠡᠯᠭᠦᠨ ᠮᠠᠯᠵᠢᠬᠤ᠂ ᠭᠠᠯ ᠰᠡᠷᠭᠡᠶᠢᠯᠡᠬᠦ ᠵᠢᠴᠢ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠵᠠᠰᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠪᠤᠷ ᠤᠨ ᠤᠯᠠᠷᠢᠯ ᠪᠣᠯ ᠭᠠᠯ ᠤᠨ ᠠᠶᠤᠯ ᠣᠯᠠᠨ ᠭᠠᠷᠳᠠᠭ ᠬᠤᠭᠤᠴᠠᠭ᠎ᠠ ᠪᠣᠯᠤᠨ᠎ᠠ᠂ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠮᠢ ᠠᠬᠤᠢ ᠶᠢ ᠲᠡᠷᠢᠭᠦᠨ ᠳᠤ  ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠠᠪᠠᠭ᠎ᠠ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠷᠧᠨ ᠬᠤᠤ ᠵᠢᠴᠢ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠮᠡᠷᠭᠡᠵᠢᠯ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号