ᠠᠪᠠᠭ᠎ᠠ ᠬᠤᠰᠢᠭᠤ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠤᠨᠤᠰᠴᠦ᠂ ᠨᠠᠮ ᠢᠶᠠᠨ ᠳᠠᠭᠠᠬᠤ︾ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠠᠮᠲᠤ ᠶᠢᠨ ᠬᠢᠴᠢᠶᠡᠯ ᠪᠡᠯᠡᠳᠬᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 11᠎ ᠤ ᠡᠳᠦᠷ᠂ ᠠᠪᠠᠭ᠎ᠠ ᠬᠤᠰᠢᠭᠤ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠠᠮᠲᠤ ᠶᠢᠨ ᠬᠢᠴᠢᠶᠡᠯ ᠪᠡᠯᠡᠳᠬᠡᠬᠦ ᠬᠤᠷᠠᠯ ᠨᠠᠮ ᠤᠨ ᠵᠠᠰᠠᠭ ᠤᠨ ᠲᠣᠮᠣ ᠠᠰᠠᠷ ᠤᠨ ᠬᠤᠷᠠᠯ ᠤᠨ ᠬᠡᠷ ᠲᠤ ᠶᠠᠪᠤᠭᠳᠠᠪᠠ᠃ ᠡᠯ᠎ᠡ ᠰᠤᠮᠤ ᠪᠠᠯᠭᠠᠰᠤᠨ ᠤ ᠤᠬᠠᠭᠤᠯᠬᠤ ᠭᠡᠰᠢᠭᠦᠨ ᠵᠢᠴᠢ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠢᠴᠢᠶᠡᠯ ᠪᠡᠯᠡᠳᠬᠡᠬᠦ ᠬᠤᠷᠠᠯ ᠳᠤ ᠣᠷᠣᠯᠴᠠᠪᠠ᠃      ᠬᠢᠴᠢᠶᠡᠯ ᠪᠡᠯᠡᠳᠬᠡᠬᠦ ᠬᠤᠷᠠᠯ ᠤᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ  ᠪᠢᠯᠬᠠᠵᠤ᠂ ᠬᠤᠰᠢᠭᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠬᠤᠶᠠᠳᠤᠭᠠᠷ ᠬᠡᠤᠬᠡᠳ ᠤᠨ ᠴᠡᠴᠡᠷᠯᠢᠭ ᠤᠨ ᠪᠠᠭᠰᠢ ᠸᠠᠩ ᠮᠢᠨ ︽ᠨᠠᠮ ᠤᠨ ᠲᠡᠦᠬᠡ ᠶᠢ ᠣᠶᠢᠯᠠᠭᠠᠵᠤ ᠨᠠᠮ ᠤᠨ ᠠᠴᠢ ᠶᠢ ᠮᠡᠳᠡᠷᠡᠨ᠂ ᠨᠠᠮ ᠢᠶᠠᠨ ᠳᠠᠭᠠᠵᠤ᠂  ︿ᠵᠢᠷᠭᠤᠭᠠᠨ ᠦᠭᠡ﹀᠎ ᠶᠢ ᠪᠠᠲᠤ ᠴᠡᠭᠡᠵᠢᠯᠡᠬᠦ︾ ᠭᠡᠬᠦ ᠰᠡᠳᠦᠪ ᠢᠶᠠᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠨᠠᠮ ᠤᠨ ᠠᠴᠢ ᠶᠢ ᠴᠠᠭ ᠢᠮᠠᠭᠲᠠ ᠮᠠᠷᠲᠠᠬᠤ ᠦᠭᠡᠢ︔ ︿ᠵᠢᠷᠭᠤᠭᠠᠨ ᠦᠭᠡ﹀᠎ ᠶᠢ ᠪᠠᠲᠤ ᠴᠡᠭᠡᠵᠢᠯᠡᠵᠦ᠂ ᠨᠠᠮ ᠤᠨ ᠦᠭᠡ ᠶᠢ ᠡᠷᠡᠰ ᠭᠤᠶᠢᠪᠢᠰᠢ ᠦᠭᠡᠢ ᠰᠤᠨᠤᠰᠬᠤ︔ ᠲᠡᠦᠬᠡ ᠶᠢ ᠣᠶᠢᠯᠠᠭᠠᠵᠤ ᠶᠣᠰᠣ ᠮᠣᠷᠠᠯ ᠢ ᠮᠡᠳᠡᠵᠦ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠬᠤ︔ ᠦᠨᠡᠨ ᠪᠣᠳᠠᠲᠠᠢ ᠲᠦᠷᠦᠭᠳᠡᠯ ᠲᠠᠢ ᠪᠠᠶᠢᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠲᠦᠷᠪᠡᠨ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ ᠨᠠᠮ ᠤᠨ ᠲᠡᠦᠬᠡ ᠶᠢ ᠣᠶᠢᠯᠠᠭᠠᠵᠤ᠂ ᠨᠠᠮ ᠤᠨ ᠠᠴᠢ ᠳᠤ ᠲᠠᠯᠠᠷᠬᠠᠨ᠂ ᠨᠠᠮ ᠢᠶᠠᠨ ᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠭᠤᠣᠯᠳᠠᠯᠭ᠎ᠠ ᠲᠠᠢ ᠠᠭᠤᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠪᠠ᠃      ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠲᠥᠪ ᠤᠨ ᠤᠬᠠᠭᠤᠯᠬᠤ ᠬᠡᠯᠲᠡᠰ ᠤᠨ ᠰᠢᠯᠢᠳᠡᠭ ᠤᠨᠤᠯ ᠤᠨ ᠤᠬᠠᠭᠤᠯᠤᠨ ᠲᠠᠶᠢᠯᠪᠤᠷᠢᠯᠠᠬᠤ ᠪᠢᠴᠢᠯ ᠸᠢᠳᠢᠣ᠋ ᠶᠢ ᠬᠠᠮᠲᠤ ᠪᠠᠷ ᠦᠵᠡᠪᠡ᠃      ᠬᠠᠮᠲᠤ ᠪᠠᠷ ᠬᠢᠴᠢᠶᠡᠯ ᠪᠡᠯᠡᠳᠬᠡᠬᠦ ᠪᠠᠷ ᠳᠡᠮᠵᠢᠨ᠂ ᠪᠥᠬᠦ ᠬᠤᠰᠢᠭᠤᠨ ᠤ ᠥᠷᠭᠡᠨ ᠣᠯᠠᠨ ᠤᠬᠠᠭᠤᠯᠤᠨ ᠲᠠᠶᠢᠯᠪᠤᠷᠢᠯᠠᠭᠴᠢ ᠳᠤ ᠤᠬᠠᠭᠤᠯᠤᠨ ᠲᠠᠶᠢᠯᠪᠤᠷᠢᠯᠠᠬᠤ ᠭᠤᠤᠯᠳᠠᠯᠭ᠎ᠠ ᠪᠠ ᠴᠢᠭᠯᠡᠯ ᠢ ᠨᠠᠩ ᠲᠣᠳᠣᠷᠬᠠᠶ ᠪᠣᠯᠭᠠᠪᠠ᠃ ᠲᠡᠳᠡ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠠᠩ ᠠᠮᠢᠳᠤᠯᠢᠭ ᠬᠡᠯᠪᠡᠷᠢ ᠪᠠᠷ ᠨᠠᠮ ᠤᠨ ᠲᠠᠭᠤᠨ ᠢ ᠥᠨᠴᠥᠭ ᠪᠤᠯᠤᠩ ᠪᠣᠯᠭᠠᠨ ᠳᠤ ᠳᠠᠮᠵᠢᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠳᠠᠭᠠᠨ ᠲᠠᠯᠠᠷᠬᠠᠬᠤ ᠰᠡᠳᠬᠢᠯᠭᠡ ᠪᠠᠨ ᠲᠠᠰᠤᠷᠠᠯᠲᠠ ᠥᠬᠡᠶ ᠴᠢᠩᠭᠠᠳᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠤᠷᠤᠭᠰᠢᠯᠠᠬᠤ ᠢᠲᠡᠭᠡᠯ ᠵᠣᠷᠢᠭ ᠢᠶᠠᠨ ᠪᠠᠲᠤᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠠᠪᠠᠭ᠎ᠠ ᠬᠤᠰᠢᠭᠤᠨ ᠤ ᠬᠥᠭᠵᠢᠯᠲᠡ ᠪᠠ ᠳᠠᠪᠰᠢᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号