ᠠᠪᠠᠭ᠎ᠠ ᠬᠤᠰᠢᠭᠤ 4.15 ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
     ᠡᠨᠡ ᠵᠢᠯ ᠤᠨ 4 ᠰᠠᠷ᠎ᠠ ᠶᠢᠨ 15᠎ ᠤ ᠡᠳᠦᠷ ᠪᠣᠯ ᠮᠠᠨ ᠤ ᠤᠯᠤᠰ ᠤᠨ ᠶᠢᠰᠦᠳᠦᠭᠡᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠂ ᠤᠯᠤᠰ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠨ᠂ ᠺᠠᠳ᠋ᠷ ᠤᠯᠠᠨ ᠲᠦᠮᠡᠨ ᠢ ᠲᠠᠶᠢᠴᠢᠯᠠᠨ ᠤᠯᠤᠰ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠬᠤ ᠶᠢᠨ ᠳᠤᠰᠠᠳᠠ᠂ 4 ᠰᠠᠷ᠎ᠠ ᠶᠢᠨ 15᠎ ᠤ ᠡᠳᠦᠷ᠂ ᠠᠪᠠᠭ᠎ᠠ ᠬᠤᠰᠢᠭᠤ ︽4 · 15︾᠎ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠭᠠᠷᠭᠠᠵᠤ᠂ ᠬᠠᠤᠯᠢ ᠴᠠᠭᠠᠵᠠ ᠶᠢᠨ ᠵᠥᠪᠯᠡᠯᠭᠡ ᠬᠠᠩᠭᠠᠨ᠂ ︽ᠦᠨᠳᠦᠰᠦᠨ ᠬᠠᠤᠯᠢ︾᠂ ︽ᠤᠯᠤᠰ ᠤᠨ ᠠᠮᠤᠷ ᠲᠦᠪᠰᠢᠨ ᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠮᠠᠲ᠋ᠧᠷᠢᠶᠠᠯ ᠢ ᠲᠠᠷᠬᠠᠭᠠᠵᠤ᠂ ᠣᠯᠠᠨ ᠲᠦᠮᠡᠨ ᠳᠤ ᠤᠯᠤᠰ ᠤᠨ ᠠᠮᠤᠷ ᠲᠦᠪᠰᠢᠨ ᠵᠡᠷᠭᠡ ᠡᠯ᠎ᠡ ᠲᠥᠷᠥᠯ ᠤᠨ ᠮᠡᠳᠡᠯᠭᠡ ᠶᠢ ᠨᠠᠩ ᠭᠦᠨᠵᠡᠭᠡᠶ ᠣᠶᠢᠯᠠᠭᠠᠭᠤᠯᠤᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠡᠷᠭᠡᠶᠢᠯᠡᠬᠦ ᠪᠠ ᠬᠤᠷᠢᠭᠯᠠᠬᠤ ᠤᠬᠠᠮᠰᠠᠷ ᠢ ᠨᠢ ᠴᠢᠩᠭᠠᠳᠬᠠᠨ᠂ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃      ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠮᠥᠨ᠃ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠤᠯᠠᠨ ᠲᠦᠮᠡᠨ ᠤ ᠤᠯᠤᠰ ᠤᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠤ ᠲᠤᠬᠠᠶ ᠲᠠᠨᠢᠯᠲᠠ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠷᠠᠳ ᠤᠯᠠᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠦᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号