ᠨᠠᠰᠤᠨᠪᠠᠲᠤ ᠭᠤᠤᠯᠳᠠᠯᠭ᠎ᠠ ᠲᠠᠢ ᠲᠥᠷᠥᠯ ᠵᠦᠢᠯ ᠤᠨ ᠨᠥᠭᠡᠴᠡᠯᠡᠵᠦ ᠭᠤᠶᠤᠴᠢᠯᠠᠨ ᠮᠡᠳᠡᠭᠦᠯᠬᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
     4 ᠰᠠᠷ᠎ᠠ ᠶᠢᠨ 15᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠭᠤᠤᠯᠳᠠᠯᠭ᠎ᠠ ᠲᠠᠢ ᠲᠥᠷᠥᠯ ᠵᠦᠢᠯ ᠤᠨ ᠨᠥᠭᠡᠴᠡᠯᠡᠯᠲᠡ ᠶᠢ ᠭᠤᠶᠤᠴᠢᠯᠠᠨ ᠮᠡᠳᠡᠭᠦᠯᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ᠂ ᠲᠦᠰᠦᠪᠯᠡᠨ ᠣᠬᠠᠭᠤᠯᠬᠤ᠂ ᠪᠠᠯᠠ ᠮᠥᠩᠭᠦ ᠤᠯᠬᠤ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠤᠯᠳᠠᠯᠭ᠎ᠠ ᠲᠠᠢ ᠲᠥᠷᠥᠯ ᠵᠦᠢᠯ ᠨᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠪᠠ ᠠᠷᠠᠳ ᠤᠨ ᠠᠮᠢᠳᠤᠷᠠᠯ ᠳᠤ ᠬᠤᠯᠪᠣᠭᠳᠠᠵᠤ᠂ ︽ᠬᠤᠶᠠᠷ ᠶᠡᠭᠡ ᠶᠠᠪᠤᠳᠠᠯ︾᠎ ᠢ ᠪᠣᠳᠠᠲᠠᠶ ᠬᠡᠷᠡᠭᠵᠢᠭᠦᠯᠵᠦ ᠦᠷ᠎ᠡ ᠪᠦᠲᠦᠮᠵᠢ ᠤᠯᠬᠤ᠂ ︽ᠵᠢᠷᠭᠤᠭᠠᠨ ᠢᠨᠵᠧᠨᠧᠷᠢᠩ︾᠎ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢᠨ ᠴᠢᠭᠯᠡᠯ ᠢ ᠭᠦᠨᠵᠡᠭᠡᠶ ᠰᠤᠳᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠳᠡᠨ᠂ ᠲᠥᠷᠥ ᠶᠢᠨ ᠪᠣᠳᠣᠯᠭ᠎ᠠ ᠪᠠᠷ ᠳᠡᠮᠵᠢᠬᠦ ᠭᠤᠤᠯᠳᠠᠯᠭ᠎ᠠ ᠲᠠᠢ ᠬᠦᠷᠢᠶ᠎ᠡ  ᠴᠠᠷ᠎ᠠ ᠶᠢᠨ ᠲᠣᠭᠤᠷᠢᠨ ᠳᠤ᠂ ᠪᠥᠬᠦ ᠬᠤᠰᠢᠭᠤᠨ ᠤ ᠦᠷᠭᠦᠯᠵᠢᠯᠡᠬᠦᠶᠢᠴᠡ ᠬᠥᠭᠵᠢᠯᠲᠡ ᠳᠤ ᠰᠠᠭᠤᠷᠢᠯᠠᠨ᠂ ᠪᠠᠯᠠ ᠣᠷᠣᠭᠤᠯᠤᠯᠲᠠ ᠶᠢᠨ ᠪᠦᠲᠦᠴᠡ ᠶᠢ ᠯᠠᠪᠳᠠᠭᠤᠨ ᠢᠶᠠᠷ ᠰᠢᠯᠢᠳᠡᠭᠵᠢᠭᠦᠯᠵᠦ᠂ ᠨᠢᠭᠡ ᠪᠦᠯᠦᠭ ᠰᠠᠭᠤᠷᠢᠯᠠᠭᠴᠢ ᠴᠢᠨᠠᠷᠲᠠᠢ᠂ ᠠᠯᠤᠰ ᠬᠡᠲᠦ ᠳᠤ ᠠᠰᠢᠭᠲᠠᠶ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ‍ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠢᠳᠡᠪᠬᠢᠲᠡᠶ ᠲᠥᠯᠥᠪᠯᠡᠨ ᠨᠥᠭᠡᠴᠡᠯᠡᠵᠦ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠂ ᠨᠠᠩ ᠣᠯᠠᠨ ᠲᠥᠷᠥᠯ ᠵᠦᠢᠯ ᠢ ᠳᠡᠭᠡᠳᠦ ᠱᠠᠲᠤᠨ ᠤ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠶ︔ ᠠᠵᠢᠯ ᠤᠨ ᠬᠠᠷᠢᠭᠤᠴᠠᠯᠭ᠎ᠠ ᠶᠢ ᠡᠷᠡᠰ ᠪᠣᠲᠠᠲᠠᠶᠢᠵᠢᠭᠤᠯᠤᠨ᠂ ᠪᠣᠳᠠᠲᠠᠢ ᠠᠵᠢᠯᠯᠠᠬᠤ ᠰᠤᠷᠲᠠᠯ ᠢ ᠴᠢᠩᠭᠠᠷᠠᠭᠤᠯᠤᠨ᠂ ︽ᠨᠢᠭᠡᠳᠦᠭᠡᠷ ᠭᠠᠷ︾ ᠬᠠᠷᠢᠭᠤᠴᠠᠬᠤ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠪᠠ ᠬᠡᠯᠬᠢᠶᠡᠵᠢᠯ ᠢᠶᠠᠨ ᠣᠷᠳᠤᠳᠬᠠᠬᠤ ᠠᠵᠢᠯ ᠵᠡᠷᠭᠡ ᠬᠠᠷᠢᠭᠤᠴᠠᠯᠭ᠎ᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠨ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠭᠤᠶᠤᠴᠢᠯᠠᠨ ᠮᠡᠳᠡᠭᠦᠯᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃      ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号