ᠬᠠᠮᠲᠤ ᠶᠢᠨ ᠠᠵᠤ ᠠᠬᠤᠢ ᠶᠢᠨ ᠤᠷᠤᠯᠭ᠎ᠠ ᠠᠴᠠ ᠮᠠᠯᠴᠢᠳ ᠠᠰᠢᠭ ᠬᠦᠷᠲᠡᠵᠡᠭᠡᠯ᠎ᠡ
ᠨᠡᠶᠢᠲᠡᠯᠡᠭᠰᠡᠨ ᠴᠠᠭ᠄
2024/4/18
     ᠵᠢᠯ ᠤᠨ ᠠᠵᠢᠯ ᠬᠠᠪᠤᠷ ᠲᠤ ᠪᠠᠨ ᠭᠡᠳᠡᠭ᠃ ᠤᠳᠤᠬᠠᠨ ᠳᠤ ᠶᠠᠭ ᠬᠠᠪᠤᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠪᠠ ᠲᠥᠯ ᠮᠠᠯ ᠤᠨ ᠶᠠᠭᠠᠷᠠᠯᠲᠠᠢ ᠴᠠᠭ ᠳᠤᠬᠢᠶᠠᠵᠤ ᠪᠠᠶᠢᠭ᠎ᠠ᠃ ᠡᠨᠡᠬᠦ ᠵᠠᠩᠭᠢᠯᠠᠭ᠎ᠠ ᠶᠢᠨ ᠴᠠᠭ ᠥᠶ᠎ᠡ ᠳᠤ ᠪᠡᠯᠭᠦᠳᠡᠢ ᠪᠠᠯᠭᠠᠰᠤ ᠨᠢ ᠡᠯ᠎ᠡ ᠭᠠᠴᠠᠭᠠᠨ ᠤ ︽ᠬᠤᠶᠠᠷ ᠵᠦᠪᠯᠡᠯ︾᠎ ᠶᠢ ᠢᠳᠡᠪᠬᠢᠲᠡᠢ ᠵᠤᠬᠢᠶᠠᠨ ᠪᠠᠶᠢᠭᠤᠯᠵᠤ ᠮᠠᠯᠴᠢᠳ ᠤᠨ ᠡᠪᠡᠰᠦ ᠪᠤᠷᠳᠤᠭ᠎ᠠ ᠳᠤᠲᠠᠭᠳᠠᠵᠤ ᠪᠠᠶᠢᠭ᠎ᠠ ᠪᠠᠶᠢᠳᠠᠯ ᠢ ᠪᠤᠲᠠᠲᠠᠢ ᠣᠶᠢᠯᠠᠭᠠᠯ᠎ᠠ᠃ ᠡᠶᠢᠨᠬᠦ ᠡᠷᠲᠡᠨᠢᠪᠣᠯᠠᠭ ᠭᠠᠴᠠᠭᠠᠨ ᠤ ︽ᠬᠤᠶᠠᠷ ᠵᠦᠪᠯᠡᠯ︾᠎ ᠨᠢ ᠭᠡᠰᠡᠭ ᠮᠠᠯᠵᠢᠬᠤ ᠡᠷᠦᠬᠡ ᠶᠢᠨ ᠡᠪᠡᠰᠦ ᠪᠤᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠣᠶᠢᠯᠠᠭᠠᠭᠰᠠᠨ ᠤ ᠳᠠᠷᠠᠭ᠎ᠠ᠂ ᠳᠠᠷᠤᠶᠢᠬᠠᠨ ᠬᠤᠷᠠᠯ ᠬᠤᠷᠠᠯᠳᠤᠭᠤᠯᠵᠤ᠂ ︽ᠲᠥᠷᠪᠡ ᠶᠢ ᠵᠦᠪᠯᠡᠵᠦ ᠬᠤᠶᠠᠷ ᠢ ᠢᠯᠡ ᠪᠣᠯᠭᠠᠬᠤ︾ ᠵᠠᠷᠴᠢᠮ ᠶᠤᠰᠤᠭᠠᠷ᠂ ᠭᠦᠢᠴᠡᠳ ᠶᠠᠷᠢᠯᠴᠠᠬᠤ ᠪᠠ ᠠᠷᠠᠳᠴᠢᠯᠠᠯ ᠢᠶᠠᠷ ᠰᠢᠢᠳᠪᠤᠷᠢᠲᠦ ᠪᠣᠳᠣᠯᠭ᠎ᠠ ᠲᠤᠭᠲᠠᠭᠠᠬᠤ ᠪᠠᠷ ᠳᠠᠮᠵᠢᠨ᠂ ᠡᠷᠳᠡᠨᠢᠪᠣᠯᠠᠭ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠰᠢᠭ ᠤᠷᠤᠯᠭ᠎ᠠ ᠠᠴᠠ ︽ᠠᠷᠠᠳ ᠲᠦᠮᠡᠨ ᠳᠤ ᠪᠤᠳᠠᠳᠤ ᠶᠠᠪᠤᠳᠠᠯ ᠬᠢᠬᠦ︾ ᠬᠤᠯᠢᠮᠠᠭ ᠲᠡᠵᠢᠭᠡᠯ ᠪᠣᠷᠳᠤᠭ᠎ᠠ ᠲᠠᠷᠬᠠᠭᠠᠬᠤ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ᠃      ᠠᠵᠢᠯᠯᠠᠭ᠎ᠠ ᠨᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠰᠢᠭ ᠤᠷᠤᠯᠭ᠎ᠠ ᠪᠠᠷ ᠤᠷᠤᠯᠠᠨ ᠲᠦᠯᠦᠬᠦ ᠬᠡᠯᠪᠡᠷᠢ ᠪᠠᠷ 17.64 ᠲᠦᠮᠡᠨ ᠲᠦᠭᠦᠷᠢᠭ ᠭᠠᠷᠭᠠᠵᠤ᠂ ᠬᠠᠰᠢᠶᠠᠯᠠᠭ᠎ᠠ ᠶᠢᠨ ᠬᠤᠭᠤᠴᠠᠭᠠᠨ ᠳᠤ ᠡᠪᠡᠰᠦ ᠪᠤᠷᠳᠤᠭ᠎ᠠ ᠳᠤᠲᠠᠭᠳᠠᠵᠤ ᠪᠠᠶᠢᠭ᠎ᠠ 49 ᠮᠠᠯᠵᠢᠬᠤ ᠡᠷᠦᠬᠡ ᠳᠤ 47 ᠲᠤᠨ ᠬᠤᠯᠢᠮᠠᠭ ᠲᠡᠵᠢᠭᠡᠯ ᠪᠣᠷᠳᠤᠭ᠎ᠠ ᠲᠠᠷᠬᠠᠭᠠᠵᠤ᠂ ᠡᠷᠦᠬᠡ ᠪᠦᠷᠢ ᠳᠤ ᠲᠠᠷᠬᠠᠭᠠᠬᠤ ᠬᠤᠯᠢᠮᠠᠭ ᠲᠡᠵᠢᠭᠡᠯ ᠪᠣᠷᠳᠤᠭ᠎ᠠ ᠶᠢ ᠬᠠᠮᠤᠭ ᠠᠷᠪᠢᠨ ᠳᠤ ᠪᠠᠨ 3 ᠲᠤᠨ ᠢᠶᠠᠷ ᠬᠢᠵᠠᠭᠠᠷᠯᠠᠵᠤ᠂ ᠡᠪᠡᠰᠦ ᠪᠣᠷᠳᠤᠭᠠᠨ ᠤ ᠮᠦᠩᠭᠦ ᠪᠠᠨ 10 ᠰᠠᠷ᠎ᠠ ᠶᠢᠨ 1᠎ ᠤ ᠡᠳᠦᠷ ᠠᠴᠠ ᠡᠮᠦᠨ᠎ᠡ ᠪᠣᠴᠠᠭᠠᠵᠤ᠂ ᠡᠨᠡ ᠬᠤᠭᠤᠴᠠᠭᠠᠨ ᠳᠤ ᠶᠠᠮᠠᠷ ᠴᠦ ᠬᠦᠦ ᠮᠦᠩᠭᠦ ᠠᠪᠬᠤ ᠦᠭᠡᠢ ᠶᠤᠮ ᠪᠠᠶᠢᠨ᠎ᠠ᠃      ᠪᠣᠷᠳᠤᠭ᠎ᠠ ᠲᠠᠷᠬᠠᠭᠠᠬᠤ ᠠᠬᠤᠢ ᠲᠠᠯᠠᠪᠠᠢ ᠳᠤ᠂ ᠳᠠᠩᠰᠠᠯᠠᠨ ᠲᠡᠮᠳᠡᠭᠯᠡᠬᠦ᠂ ᠲᠡᠵᠢᠭᠡᠯ ᠪᠣᠷᠳᠤᠭ᠎ᠠ ᠶᠢ ᠨᠢ ᠪᠦᠷᠢᠳᠭᠡᠵᠦ ᠥᠭᠬᠦ᠂ ᠲᠡᠵᠢᠭᠡᠯ ᠪᠣᠷᠳᠤᠭ᠎ᠠ ᠲᠡᠭᠡᠭᠡᠵᠦ ᠵᠦᠭᠡᠭᠡᠪᠦᠷᠢᠯᠡᠬᠦ ᠬᠡᠮᠡᠨ ᠶᠠᠭᠠᠷᠠᠯᠲᠠᠢ ᠠᠲᠠᠯ᠎ᠠ ᠪᠠᠨ ᠡᠮᠭᠢ ᠴᠡᠭᠴᠡ ᠲᠠᠢ ᠦᠷᠨᠢᠵᠦ ᠪᠠᠶᠢᠯ᠎ᠠ᠃ ︽ᠨᠠᠮ ᠵᠠᠰᠠᠭ ᠤᠨ ᠲᠤᠳᠤᠨᠤ ᠬᠠᠯᠠᠮᠵᠢᠯᠠᠯ ᠳᠤ ᠲᠠᠯᠠᠷᠬᠠᠵᠤ᠂ ᠮᠠᠯᠵᠢᠬᠤ ᠡᠷᠦᠬᠡ ᠶᠢᠨ ᠡᠪᠡᠰᠦ ᠪᠣᠷᠳᠤᠭ᠎ᠠ ᠬᠤᠳᠠᠯᠳᠤᠨ ᠠᠪᠬᠤ ᠳᠤ ᠬᠦᠴᠢᠷᠳᠡᠵᠦ ᠪᠠᠶᠢᠭ᠎ᠠ ᠠᠵᠤ ᠠᠬᠤᠢ ᠶᠢᠨ ᠳᠠᠷᠤᠭᠠᠰᠤ ᠶᠢ ᠪᠦᠳᠦᠮᠵᠢᠲᠡᠢ ᠪᠠᠷ ᠬᠦᠩᠭᠡᠯᠡᠵᠦ ᠥᠭᠬᠦᠯ᠎ᠡ︾ ᠭᠡᠵᠦ ᠮᠠᠯᠴᠢᠳ ᠢᠯᠡᠷᠬᠡᠶᠢᠯᠡᠵᠡᠭᠡᠵᠦ ᠪᠠᠶᠢᠯ᠎ᠠ᠃      ᠲᠤᠰ ᠣᠳᠠᠭᠠᠨ ᠤ ᠬᠤᠯᠢᠮᠠᠭ ᠲᠡᠵᠢᠭᠡᠯ ᠪᠣᠷᠳᠤᠭ᠎ᠠ ᠲᠡᠷᠬᠠᠭᠠᠭᠰᠠᠨ ᠠᠵᠢᠯᠯᠠᠭ᠎ᠠ ᠨᠢ ᠡᠪᠡᠰᠦ ᠪᠣᠷᠳᠤᠭ᠎ᠠ ᠪᠠᠷ ᠳᠤᠲᠠᠭᠳᠠᠵᠤ ᠪᠠᠶᠢᠭᠰᠠᠨ ᠮᠠᠯᠴᠢᠳ ᠤᠨ ᠬᠦᠴᠢᠷᠳᠡᠯ ᠢ ᠴᠠᠭ ᠲᠤᠬᠠᠢ ᠳᠤᠨᠢ ᠰᠢᠢᠳᠪᠤᠷᠢᠯᠡᠨ ᠥᠭᠴᠦ᠂ ᠬᠠᠮᠲᠤ ᠶᠢᠨ ᠠᠵᠤ ᠠᠬᠤᠢ ᠶᠢᠨ ᠦᠢᠯᠡᠳᠦᠯ ᠴᠢᠳᠠᠪᠬᠢ ᠶᠢ ᠭᠦᠢᠴᠡᠳ ᠪᠠᠳᠠᠷᠭᠠᠤᠯᠤᠨ᠂ ᠬᠠᠰᠢᠶᠠᠯᠠᠭ᠎ᠠ ᠶᠢᠨ ᠬᠤᠭᠤᠴᠠᠭᠠᠨ ᠳᠠᠬᠢ ᠡᠪᠡᠰᠦ ᠪᠣᠷᠳᠤᠭᠠᠨ ᠤ ᠬᠠᠩᠭᠠᠯᠭ᠎ᠠ ᠶᠢ ᠪᠠᠲᠤᠯᠠᠵᠤ᠂ ᠮᠠᠯᠴᠢᠳ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠪᠠ ᠲᠥᠯ ᠲᠤᠰᠴᠦ ᠪᠣᠶᠢᠵᠢᠭᠤᠯᠬᠤ ᠠᠵᠢᠯ ᠳᠤ ᠪᠠᠲᠤᠯᠠᠭ᠎ᠠ ᠬᠠᠩᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号