ᠪᠡᠯᠬᠦᠳᠡᠢ ᠪᠠᠯᠠᠭᠠᠰᠣᠨ ᠤ ᠠᠯᠳᠠᠨᠬᠠᠩᠭᠠᠢ ᠭᠠᠴᠠᠭᠠᠨ ᠤ ᠴᠢᠩ ᠪᠢ ᠶᠤᠸᠠᠨ ᠡᠪᠡᠰᠦᠨ ᠤ ᠦᠢᠯᠡᠰ ᠤᠨ ᠲᠤᠰᠬᠠᠢ ᠬᠤᠷᠰᠢᠶᠠᠵᠢᠯ ᠨᠢ ᠮᠠᠯᠴᠢᠳ ᠲᠤ ᠪᠠᠨ ᠨᠤᠭᠤᠭᠠᠨ ᠲᠠᠷᠤᠰᠢ ᠬᠠᠩᠭᠠᠨ᠎ᠠ
ᠨᠡᠶᠢᠲᠡᠯᠡᠭᠰᠡᠨ ᠴᠠᠭ᠄
2024/4/18
     ᠪᠡᠯᠭᠦᠳᠡᠢ ᠪᠠᠯᠠᠭᠠᠰᠣᠨ ᠤ ᠠᠯᠳᠠᠨᠬᠠᠩᠭᠠᠢ ᠭᠠᠴᠠᠭᠠᠨ ᠤ ᠴᠢᠩ ᠪᠢ ᠶᠤᠸᠠᠨ ᠡᠪᠡᠰᠦᠨ ᠤ ᠦᠢᠯᠡᠰ ᠤᠨ ᠲᠤᠰᠬᠠᠢ ᠬᠤᠷᠰᠢᠶᠠᠵᠢᠯ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠮᠠᠯᠴᠢᠳ ᠲᠤ ᠪᠠᠨ ᠨᠦᠬᠦᠪᠣᠷᠢ ᠲᠠᠢ ᠨᠤᠭᠤᠭᠠᠨ ᠲᠠᠷᠤᠰᠢ ᠪᠠᠨ ᠬᠠᠩᠭᠠᠵᠤ᠂ ᠣᠳᠣᠬᠠᠨ ᠪᠣᠯᠲᠠᠯ᠎ᠠ 2000 ᠲᠤᠨ ᠨᠤᠭᠤᠭᠠᠨ ᠳᠠᠷᠤᠰᠢ ᠬᠤᠳᠠᠯᠳᠤᠵᠤ᠂ ᠨᠦᠬᠦᠪᠦᠷᠢ ᠪᠡᠯᠡ ᠮᠦᠩᠭᠦ 10 ᠭᠠᠷᠤᠢ ᠲᠦᠮᠡᠨ ᠲᠦᠭᠦᠷᠢᠭ ᠲᠤ ᠬᠦᠷᠦᠭᠰᠡᠨ ᠪᠠᠶᠢᠨ᠎ᠠ᠃      2023ᠣᠨ ᠳᠤ ᠲᠤᠰ ᠬᠤᠷᠰᠢᠶᠠᠵᠢᠯ ᠨᠢ 4000 ᠭᠠᠷᠤᠢ ᠲᠤᠨ ᠴᠢᠨᠠᠷ ᠰᠠᠶᠢᠲᠠᠢ ᠨᠤᠭᠤᠭᠠᠨ ᠳᠠᠷᠤᠰᠢ ᠨᠦᠭᠡᠴᠡᠯᠡᠵᠡᠢ᠃ ᠤᠶᠢᠷ᠎ᠠ ᠶᠢᠨ ᠵᠢᠯ ᠤᠳ ᠲᠤ᠂ ᠮᠠᠯ ᠤᠨ ᠦᠨ᠎ᠡ ᠨᠡᠶᠢᠳᠡᠮ ᠪᠠᠭᠤᠷᠠᠵᠤ᠂ ᠡᠪᠡᠰᠦ ᠪᠤᠷᠳᠤᠭᠠᠨ ᠤ ᠦᠨ᠎ᠡ ᠦᠷᠭᠦᠯᠵᠢᠯᠡᠨ ᠦᠰᠦᠭᠰᠡᠨ ᠢᠶᠠᠷ ᠲᠡᠵᠢᠭᠡᠨ ᠦᠷᠡᠵᠢᠭᠦᠯᠬᠦ ᠦᠢᠯᠡᠳᠪᠤᠷᠢᠯᠡᠯ ᠤᠨ ᠦᠪᠡᠷ ᠤᠨ ᠥᠷᠳᠡᠭ ᠲᠠᠰᠤᠷᠠᠯᠲᠠ ᠦᠭᠡᠢ ᠲᠡᠭᠡᠭᠰᠢᠯᠡᠵᠦ᠂ ᠮᠠᠯᠴᠢᠳ ᠲᠤ ᠮᠠᠰᠢ ᠶᠡᠭᠡ ᠬᠦᠴᠢᠷᠳᠡᠯ ᠣᠨᠴᠠᠷᠠᠭᠤᠯᠵᠤ ᠪᠠᠶᠢᠨ᠎ᠠ᠃ ᠲᠤᠰ ᠬᠤᠷᠰᠢᠶᠠᠵᠢᠯ ᠨᠢ ᠮᠠᠯᠴᠢᠨ ᠭᠡᠰᠢᠭᠦᠳ ᠢᠶᠠᠷ ᠪᠦᠷᠢᠯᠳᠦᠭᠰᠡᠨ ᠶᠤᠮ ᠪᠣᠯᠬᠤᠷ ᠮᠠᠯᠴᠢᠳ ᠲᠤ ᠲᠤᠯᠭᠠᠷᠠᠵᠤ ᠪᠠᠶᠢᠭ᠎ᠠ ᠬᠦᠴᠢᠷᠳᠡᠯ ᠢ ᠨᠡᠩ ᠭᠦᠨᠵᠡᠭᠡᠢ ᠣᠶᠢᠯᠠᠭᠠᠬᠤ ᠨᠢ ᠳᠠᠮᠵᠢᠭ ᠦᠭᠡᠢ᠃ ᠡᠶᠢᠨᠬᠦ ᠮᠠᠯᠴᠢᠳ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠡᠪᠡᠰᠦ ᠪᠤᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠳᠤ ᠬᠠᠨᠳᠤᠭᠤᠯᠤᠨ᠂ ᠬᠤᠷᠰᠢᠶᠠᠵᠢᠯ ᠤᠨ ᠭᠡᠰᠢᠭᠦᠳ ᠰᠤᠳᠤᠯᠤᠨ ᠶᠠᠷᠢᠯᠴᠠᠭᠰᠠᠨ ᠤ ᠳᠠᠷᠠᠭ᠎ᠠ᠂ ᠬᠤᠷᠰᠢᠶᠠᠵᠢᠯ ᠠᠴᠠ ᠪᠡᠯᠡ ᠮᠦᠩᠭᠦ ᠭᠠᠷᠭᠠᠨ ᠨᠦᠬᠦᠪᠦᠷᠢ ᠥᠭᠬᠦ ᠬᠡᠯᠪᠡᠷᠢ ᠪᠠᠷ᠂ 5 ᠲᠤᠨ ᠠᠴᠠ 10 ᠲᠤᠨ ᠨᠤᠭᠤᠭᠠᠨ ᠳᠠᠷᠤᠰᠢ ᠬᠤᠳᠠᠯᠳᠤᠨ ᠠᠪᠤᠭᠰᠠᠨ ᠮᠠᠯᠵᠢᠬᠤ ᠡᠷᠦᠬᠡ ᠪᠦᠷᠢ ᠳᠤ 50 ᠲᠦᠭᠦᠷᠢᠭ ᠤᠨ ᠨᠦᠬᠦᠪᠦᠷᠢ ᠣᠯᠭᠤᠵᠤ᠂ 10 ᠲᠤᠨ ᠠᠴᠠ ᠳᠡᠭᠡᠭᠰᠢ ᠨᠤᠭᠤᠭᠠᠨ ᠳᠠᠷᠤᠰᠢ ᠬᠤᠳᠠᠯᠳᠤᠨ ᠠᠪᠤᠭᠰᠠᠨ ᠮᠠᠯᠵᠢᠬᠤ ᠡᠷᠦᠬᠡ ᠳᠤ ᠲᠤᠨ ᠪᠦᠷᠢ ᠳᠤ 100 ᠲᠦᠭᠦᠷᠢᠭ ᠤᠨ ᠨᠦᠬᠦᠪᠦᠷᠢ ᠣᠯᠭᠤᠬᠤ ᠶᠤᠮ ᠪᠠᠶᠢᠨ᠎ᠠ᠃      2020 ᠣᠨ ᠤ 6 ᠰᠠᠷ᠎ᠠ ᠳᠤ ᠪᠠᠭᠠᠨ᠎ᠠ ᠵᠡᠷᠭᠡ ᠲᠤᠯᠤᠭᠠᠨ ᠮᠠᠯᠴᠢᠨ ᠬᠤᠯᠪᠤᠭᠠᠯᠠᠨ ᠪᠡᠯᠭᠦᠳᠡᠢ ᠪᠠᠯᠭᠠᠰᠣᠨ ᠤ ᠠᠯᠲᠠᠨᠬᠠᠩᠭᠠᠢ ᠭᠠᠴᠠᠭᠠᠨ ᠤ ᠴᠢᠩ ᠪᠢ ᠶᠤᠸᠠᠨ ᠡᠪᠡᠰᠦᠨ ᠤ ᠦᠢᠯᠡᠰ ᠤᠨ ᠳᠤᠰᠬᠠᠢ ᠬᠤᠷᠰᠢᠶᠠᠵᠢᠯ ᠢ ᠡᠭᠦᠰᠭᠡᠨ ᠪᠠᠶᠢᠭᠤᠯᠵᠠᠢ᠃ ᠡᠨᠡᠬᠦ ᠬᠤᠷᠰᠢᠶᠠᠵᠢᠯ ᠨᠢ ᠮᠠᠯᠵᠢᠬᠤ ᠦᠢᠯᠡᠳᠪᠤᠷᠢᠯᠡᠯ᠂ ᠲᠡᠵᠢᠭᠡᠯ ᠪᠣᠷᠳᠤᠭ᠎ᠠ ᠨᠠᠶᠢᠷᠠᠬᠤ ᠪᠠ ᠪᠣᠷᠣᠯᠠᠭᠤᠯᠬᠤ᠂ ᠦᠬᠡᠷ ᠬᠤᠨᠢ ᠲᠡᠵᠢᠭᠡᠨ ᠦᠷᠡᠵᠢᠭᠦᠯᠬᠦ ᠪᠠ ᠪᠣᠷᠣᠯᠠᠭᠤᠯᠬᠤ᠂ ᠮᠠᠯ ᠲᠠᠷᠢᠶᠠᠯᠠᠩ ᠤᠨ ᠲᠤᠨᠤᠭ ᠲᠦᠬᠦᠭᠡᠷᠦᠮᠵᠢ ᠶᠢ ᠪᠣᠷᠣᠯᠠᠭᠤᠯᠬᠤ᠂ ᠣᠳᠤᠬᠢᠴᠢᠯᠠᠭᠰᠠᠨ ᠮᠠᠯ ᠠᠵᠤ ᠠᠬᠤᠢ ᠶᠢᠨ ᠮᠡᠷᠭᠡᠵᠢᠯ ᠤᠨ ᠪᠣᠯᠪᠠᠰᠤᠷᠠᠯ ᠤᠨ ᠦᠢᠯᠡᠴᠢᠯᠡᠭᠡ᠂ ᠮᠣᠳᠤ ᠲᠠᠷᠢᠬᠤ ᠪᠠ ᠪᠣᠷᠣᠯᠠᠭᠤᠯᠬᠤ ᠵᠡᠷᠭᠡ ᠪᠠᠷ ᠡᠵᠡᠩᠨᠡᠯᠲᠡ ᠬᠢᠳᠡᠭ᠃ ᠬᠤᠷᠰᠢᠶᠠᠵᠢᠯ ᠪᠠᠶᠢᠭᠤᠯᠤᠭᠳᠠᠭᠰᠠᠨ ᠠᠴᠠ ᠪᠠᠨ ᠨᠠᠰᠢ᠂ ᠲᠡᠭᠡᠲᠦ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠠᠯᠠᠮᠵᠢᠯᠠᠯ ᠲᠡᠮᠵᠢᠯᠭᠡ ᠲᠤᠤᠷ᠎ᠠ ᠲᠠᠰᠤᠷᠠᠯᠲᠠ ᠦᠭᠡᠢ ᠦᠷᠭᠡᠵᠢᠨ ᠪᠣᠵᠠᠭᠠᠶᠢᠷᠠᠵᠤ᠂ ᠬᠠᠮᠢᠶᠠᠷᠤᠯᠲᠠ ᠨᠢ ᠠᠭᠠᠵᠢᠮ ᠢᠶᠠᠷ ᠠᠷᠠᠳᠴᠢᠯᠠᠯ ᠲᠠᠢ ᠪᠦᠭᠡᠳ ᠲᠦᠷᠢᠮᠵᠢᠯ ᠲᠠᠢ ᠪᠣᠯᠵᠤ᠂ ᠡᠷᠬᠢᠨ ᠲᠤᠭᠤᠷᠢᠨ ᠤ ᠮᠠᠯᠴᠢᠳ ᠢᠶᠠᠨ ᠣᠯᠠᠮ ᠢᠶᠠᠷ ᠳᠠᠶᠢᠴᠢᠯᠠᠵᠤ ᠴᠢᠳᠠᠬᠤ ᠦᠭᠡᠢ ᠪᠣᠯᠵᠤ᠂ ᠨᠡᠶᠢᠭᠡᠮ ᠤᠨ ᠦᠷ᠎ᠡ ᠠᠰᠢᠭ ᠨᠢ ᠨᠡᠩ ᠲᠤᠪᠤᠶᠢᠮ᠎ᠠ ᠪᠣᠯᠣᠭᠰᠠᠨ ᠪᠠᠶᠢᠨ᠎ᠠ᠃      ᠴᠢᠩ ᠪᠢ ᠶᠤᠸᠠᠨ ᠡᠪᠡᠰᠦᠨ ᠤ ᠦᠢᠯᠡᠰ ᠤᠨ ᠳᠤᠰᠬᠠᠢ ᠬᠤᠷᠰᠢᠶᠠᠵᠢᠯ ᠨᠢ ᠮᠠᠯᠴᠢᠨ ᠲᠦᠮᠡᠨ ᠤ ᠪᠤᠳᠠᠳᠠᠢ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠣᠶᠠᠯᠳᠤᠭᠤᠯᠵᠤ᠂ ᠪᠡᠯᠴᠢᠭᠡᠷ ᠰᠡᠷᠭᠦᠭᠡᠬᠦ ᠬᠤᠭᠤᠴᠠᠭᠠᠨ ᠤ ᠭᠤᠣᠯ ᠵᠠᠩᠭᠢᠯᠠᠭ᠎ᠠ ᠶᠢᠨ ᠠᠰᠠᠭᠤᠳᠠᠯ ᠢ ᠴᠢᠩᠭ᠎ᠠ ᠠᠳᠬᠤᠵᠤ᠂ ᠣᠯᠠᠨ ᠲᠦᠮᠡᠨ ᠤ ᠰᠡᠳᠬᠢᠯ ᠢ ᠮᠡᠳᠡᠵᠦ᠂ ᠣᠯᠠᠨ ᠲᠦᠮᠡᠨ ᠳᠤ ᠪᠤᠳᠠᠳᠠᠢ ᠠᠵᠢᠯ ᠬᠢᠬᠦ ᠪᠠᠷ ᠳᠠᠮᠵᠢᠭᠤᠯᠤᠨ᠂ ᠮᠠᠯᠴᠢᠨ ᠲᠦᠮᠡᠨ ᠤ ᠠᠵᠤ ᠠᠬᠤᠢ ᠶᠢᠨ ᠳᠠᠷᠤᠭᠠᠰᠤ ᠶᠢ ᠬᠦᠩᠭᠡᠷᠡᠭᠦᠯᠵᠦ᠂ ᠮᠦᠨᠴᠦ ᠪᠦᠬᠦ ᠪᠠᠯᠭᠠᠰᠣᠨ ᠤ ᠬᠠᠪᠤᠷ ᠤᠨ ᠣᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠳᠤ ᠭᠦᠢᠴᠡᠳ ᠨᠦᠬᠦᠴᠡᠯ ᠬᠠᠩᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号