ᠬᠤᠰᠢᠭᠤ ᠵᠠᠰᠠᠭ ᠤᠨ ᠣᠷᠳᠣᠨ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/2
     4 ᠰᠠᠷ᠎ᠠ ᠶᠢᠨ 1᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠭᠢᠯᠡᠨ  ᠬᠤᠷᠠᠯᠳᠤᠭᠤᠯᠵᠤ᠂ ᠪᠥᠬᠦ ᠠᠶᠢᠮᠠᠭ ᠤᠨ ᠡᠪᠡᠰᠦ ᠪᠣᠷᠳᠤᠭ᠎ᠠ ᠶᠢᠨ ᠦᠨ᠎ᠡ ᠬᠠᠩᠰᠢ ᠶᠢ ᠪᠠᠭᠤᠷᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ᠂ ᠬᠠᠯᠠᠭᠤᠨ ᠳᠤᠯᠠᠭᠠᠨ ᠢᠨᠵᠧᠨᠧᠷᠢᠩ ᠤᠨ ᠤᠴᠢᠷ ᠶᠠᠪᠤᠳᠠᠯ ᠢ ᠰᠤᠳᠤᠯᠵᠤ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠦᠨᠦᠭᠡᠬᠦ ᠳᠠᠶᠢᠯᠠᠯᠳᠤᠭᠠᠨ᠂ ᠤᠰᠤ ᠶᠢ ᠠᠷᠪᠢᠯᠠᠨ ᠬᠡᠷᠡᠭᠯᠡᠬᠦ᠂ ᠠᠶᠤᠯᠭᠦᠶ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠵᠢᠯ ᠤᠨ ᠮᠡᠳᠡᠭᠦᠯᠦᠯᠲᠡ ᠶᠢ ᠰᠣᠨᠣᠰᠴᠤ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ᠂ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      ᠬᠤᠷᠠᠯ ᠠᠴᠠ᠂ ︽ᠬᠠᠯᠠᠭᠤᠨ ᠳᠤᠯᠠᠭᠠᠨ ᠢᠨᠵᠧᠨᠧᠷᠢᠩ︾᠎ ᠤᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠤᠯᠠᠨ ᠲᠦᠮᠡᠨ ᠤ ᠲᠤᠰᠬᠠᠭᠰᠠᠨ ᠪᠠ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠡᠯ᠎ᠡ ᠲᠦᠷᠦᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠯᠠᠭᠤᠨ ᠳᠤᠯᠠᠭᠠᠨ ᠢᠨᠵᠧᠨᠧᠷᠢᠩ ᠢ ᠡᠮᠬᠢ ᠵᠢᠷᠤᠮ ᠲᠠᠢ ᠬᠡᠷᠡᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠢ ᠤᠯᠠᠨ ᠲᠠᠯ᠎ᠠ ᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ︔ ᠤᠰᠤᠨ ᠤ ᠡᠬᠢ ᠪᠠᠶᠠᠯᠢᠭ ᠢ ᠨᠠᠷᠢᠨ ᠨᠢᠭᠲᠠ ᠪᠤᠳᠤᠵᠤ ᠰᠠᠶᠢᠲᠤᠷ ᠬᠡᠷᠡᠭᠯᠡᠵᠦ᠂ ᠤᠰᠤᠨ ᠤ ᠠᠮᠢ ᠠᠬᠤᠢ ᠶᠢ ᠴᠢᠩᠭ᠎ᠠ ᠪᠣᠳᠠᠲᠠᠢ ᠬᠠᠮᠠᠭᠠᠯᠠᠬᠤ ᠬᠡᠷᠡᠭᠲᠡᠢ︔ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠥᠪ ᠣᠨᠣᠪᠴᠢᠲᠠᠢ ᠲᠠᠨᠢᠵᠤ᠂ ︽ᠴᠠᠭ ᠢᠮᠠᠭᠲᠠ ᠰᠠᠨᠠᠭ᠎ᠠ ᠠᠮᠤᠷ  ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠮᠤᠷ ᠲᠦᠪᠰᠢᠨ ᠪᠣᠯᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠰᠠᠶᠢᠲᠤᠷ ᠨᠡᠶᠢᠳᠠᠪᠤᠷᠢᠵᠢᠭᠤᠯᠤᠨ᠂ ︽ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾᠎ ᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号