G303 ᠱᠤᠭᠤᠮ ᠤᠨ ᠵᠢᠢ ᠠᠨ ᠠᠴᠠ ᠠᠪᠠᠭ᠎ᠠ ᠬᠦᠷᠬᠦ ᠵᠠᠮ ᠤᠨ ᠬᠡᠰᠡᠭ ᠤᠨ G331 ᠱᠤᠭᠤᠮ ᠤᠨ ᠳ᠋ᠠᠨ ᠳ᠋ᠦᠩ ᠠᠴᠠ ᠠᠯᠲᠠᠢ ᠬᠦᠷᠬᠦ ᠵᠠᠮ ᠤᠨ ᠬᠡᠰᠡᠭ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/4/2
     ᠵᠠᠰᠠᠮᠠᠯ ᠵᠠᠮ ᠤᠨ ᠠᠮᠤᠷ ᠲᠦᠪᠰᠢᠨ ᠢᠶᠠᠷ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠮᠤᠷ ᠲᠦᠪᠰᠢᠨ ᠰᠠᠶᠢᠨ ᠰᠠᠶᠢᠬᠠᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠠᠪᠠᠭ᠎ᠠ ᠬᠤᠰᠢᠭᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠲᠥᠪ ᠠᠴᠠ G303/G331 ᠵᠠᠰᠠᠮᠠᠯ ᠵᠠᠮ ᠤᠨ ᠵᠠᠮ ᠤᠨ ᠭᠠᠳᠠᠷᠭᠤ ᠶᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠠᠴᠢᠯᠠᠨ ᠬᠠᠮᠠᠭᠠᠯᠠᠬᠤ ᠠᠵᠢᠯ ᠬᠢᠬᠦ ᠪᠠᠷ ᠲᠥᠯᠥᠪᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠭᠤᠴᠢ ᠶᠢᠰᠦᠳᠦᠭᠡᠷ ᠲᠣᠭᠲᠠᠭᠠᠯ ᠤᠨ ᠱᠠᠭᠠᠷᠳᠠᠯᠭ᠎ᠠ ᠪᠠ ᠰᠢᠯᠢ ᠶᠢᠨ ᠭᠤᠤᠯ ᠠᠶᠢᠮᠠᠭ ᠤᠨ ᠵᠠᠮ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ 2024 ᠣᠨ ᠤ ᠬᠠᠪᠤᠷ ᠤᠨ ᠤᠯᠠᠷᠢᠯ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠳᠦᠭᠡ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠬᠠᠭᠠᠰ ᠪᠢᠳᠡᠭᠦᠮᠵᠢᠯᠡᠨ ᠠᠵᠢᠯᠯᠠᠬᠤ ᠵᠠᠮ ᠤᠨ ᠬᠡᠰᠡᠭ᠄      G303 ᠱᠤᠭᠤᠮ ᠤᠨ ᠵᠢᠢ ᠠᠨ ᠠᠴᠠ ᠠᠪᠠᠭ᠎ᠠ ᠬᠦᠷᠬᠦ K1283 6+  K1331+ 533 ᠭᠠᠷᠴᠦ ᠪᠠᠭᠤᠬᠤ ᠵᠠᠮ ᠤᠨ ᠬᠡᠰᠡᠭ᠂ G331 ᠱᠤᠭᠤᠮ ᠤᠨ ᠳ᠋ᠠᠨ ᠳ᠋ᠦᠩ ᠠᠴᠠ ᠠᠯᠲᠠᠢ ᠬᠦᠷᠬᠦ K5988+000-- K6046+000 ᠭᠠᠷᠴᠦ ᠪᠠᠭᠤᠬᠤ ᠵᠠᠮ ᠤᠨ ᠬᠡᠰᠡᠭ᠃      ᠬᠤᠶᠠᠷ᠂ ᠬᠠᠭᠠᠰ ᠪᠦᠳᠡᠭᠦᠮᠵᠢᠯᠡᠨ ᠠᠵᠢᠯᠯᠠᠬᠤ ᠴᠠᠭ᠄      2024 ᠣᠨ ᠤ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 1 ᠤ ᠡᠳᠦᠷ ᠪᠣᠯᠲᠠᠯ᠎ᠠ᠃ ︵ᠬᠡᠷᠪᠡ ᠲᠤᠰ ᠵᠠᠮ ᠤᠨ ᠭᠡᠰᠡᠭ ᠤᠨ ᠠᠷᠠᠴᠢᠯᠠᠨ ᠬᠠᠮᠠᠭᠠᠯᠠᠯᠲᠠ ᠨᠢ ᠲᠤᠭᠲᠠᠭᠰᠠᠨ ᠴᠠᠭ ᠲᠤ ᠪᠠᠨ ᠲᠠᠭᠤᠰᠬᠠᠵᠤ ᠲᠡᠶᠢᠯᠬᠦ ᠦᠭᠡᠢ ᠪᠣᠯ ᠪᠢᠳᠡᠭᠦᠮᠵᠢᠯᠡᠨ ᠠᠵᠢᠯᠯᠠᠬᠤ ᠴᠠᠭ ᠢ ᠬᠤᠶᠢᠰᠢ ᠨᠢ ᠦᠷᠭᠦᠯᠵᠢᠯᠡᠭᠦᠯᠦᠨ᠎ᠡ︶      ᠭᠤᠷᠪᠠ᠂ ᠠᠩᠬᠠᠷᠬᠤ ᠵᠦᠢᠯ᠄      ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠬᠠᠭᠠᠰ ᠪᠢᠳᠡᠭᠦᠮᠵᠢᠯᠡᠨ ᠠᠵᠢᠯᠯᠠᠬᠤ ᠠᠷᠭ᠎ᠠ ᠶᠢ ᠬᠡᠷᠡᠭᠯᠡᠵᠦ᠂ ᠵᠠᠮ ᠬᠠᠷᠢᠯᠴᠠᠭ᠎ᠠ ᠶᠢ ᠪᠢᠲᠡᠭᠦᠮᠵᠢᠯᠡᠬᠦ ᠥᠬᠡᠶ᠂ ᠪᠠᠷᠢᠯᠭ᠎ᠠ ᠶᠢᠨ ᠠᠵᠢᠯᠲᠠᠨ ᠵᠠᠮ ᠳᠡᠭᠡᠷ᠎ᠡ ᠰᠢᠯᠵᠢᠮᠡᠯ ᠠᠵᠢᠯᠯᠠᠵᠤ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠳᠡᠭᠡᠷ᠎ᠡ ᠳᠤᠷᠠᠳᠤᠭᠰᠠᠨ ᠵᠠᠮ ᠤᠨ ᠬᠡᠰᠡᠭ ᠲᠤ ᠲᠡᠷᠭᠡ ᠪᠠ ᠶᠠᠪᠠᠭᠠᠨ ᠬᠥᠮᠦᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠶᠢᠨ ᠬᠠᠮᠲᠤ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠫᠠᠶᠢᠰᠠ ᠪᠠ ᠵᠠᠮ ᠬᠠᠷᠢᠯᠴᠠᠭᠠᠨ ᠤ ᠲᠡᠮᠳᠡᠭ ᠤᠨ ᠵᠢᠭᠠᠪᠤᠷᠢ ᠶᠢ ᠦᠨᠳᠦᠰᠦᠯᠡᠨ ᠪᠣᠯᠭᠤᠮᠵᠢᠲᠠᠶ ᠠᠯᠭᠤᠷ ᠶᠠᠪᠤᠵᠤ᠂ ᠠᠮᠤᠷ ᠲᠦᠪᠰᠢᠨ ᠢ ᠠᠩᠬᠠᠷᠬᠤ ᠶᠢ ᠬᠦᠰᠡᠵᠦ ᠪᠠᠶᠢᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ          ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ      ᠰᠥᠨᠢᠳ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ      ᠠᠪᠠᠭ᠎ᠠ ᠬᠤᠰᠢᠭᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠲᠠ ᠶᠢᠨ ᠲᠥᠪ                2024 ᠣᠨ ᠤ 4 ᠰᠠᠷ᠎ᠠ ᠶᠢᠨ 1 ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号