ᠠᠪᠠᠭ᠎ᠠ ᠬᠤᠰᠢᠭᠤ ᠪᠥᠬᠦ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/22
     4 ᠰᠠᠷ᠎ᠠ ᠶᠢᠨ 16᠎ ᠤ ᠡᠳᠦᠷ᠂ ᠠᠪᠠᠭ᠎ᠠ ᠬᠤᠰᠢᠭᠤ ᠪᠥᠬᠦ ᠬᠤᠰᠢᠭᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠵᠢᠯ ᠤᠨ ᠬᠤᠷᠠᠯ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ 2023 ᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠳ᠋ᠦᠩᠨᠡᠨ᠂ 2024 ᠣᠨ ᠤ ᠪᠥᠬᠦ ᠬᠤᠰᠢᠭᠤᠨ ᠤ ᠣᠶᠤᠨ ᠤ ᠪᠣᠯᠪᠠᠰᠤᠨ ᠤ ᠵᠥᠪᠯᠡᠯ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠠᠩᠴᠣᠭᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ ᠠᠶᠢᠮᠠᠭ ᠤᠨ ᠲᠠᠰ ᠤᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ2 ᠨᠡᠷ᠎ᠡ᠂ ᠪᠥᠬᠦ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ 5 ᠨᠡᠷ᠎ᠡ᠂ ᠴᠡᠷᠢᠭ ᠠᠴᠠ ᠬᠠᠯᠠᠭᠳᠠᠭᠰᠠᠳ 5 ᠨᠡᠷ᠎ᠡ ᠰᠠᠶᠢᠰᠢᠶᠠᠨ ᠬᠦᠭᠢᠬᠦᠯᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠰᠢᠭᠤ ᠳᠠᠶᠠᠭᠠᠷ ᠰᠡᠳᠬᠢᠯ ᠨᠢᠭᠡᠳᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ᠃ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠤᠯᠠᠨ ᠲᠦᠮᠡᠨᠴᠢ ᠴᠢᠨᠠᠷᠲᠠᠢ ᠣᠨᠴᠠᠯᠢᠭ ᠲᠠᠢ ᠤᠶᠠᠯᠳᠤᠭᠤᠯᠤᠨ᠂ ᠨᠠᠮ ᠤᠨ ᠰᠢᠨ᠎ᠡ ᠶᠢ ᠡᠭᠦᠳᠬᠦ ᠤᠨᠤᠯ ᠢ ᠪᠣᠯᠪᠠᠰᠤᠨ ᠢ ᠬᠥᠮᠦᠵᠢᠭᠦᠯᠬᠦ᠂ ᠪᠣᠯᠪᠠᠰᠤᠨ ᠦᠢᠯᠡᠳᠦᠯᠭᠡ᠂ ᠪᠣᠯᠪᠠᠰᠤᠨ ᠢ ᠡᠭᠦᠳᠦᠨ ᠪᠠᠶᠢᠭᠤᠯᠬᠤ ᠳᠤ ᠠᠭᠤᠰᠤᠯᠴᠠᠭᠤᠯᠬᠤ ᠶᠢ ᠠᠬᠢᠭᠤᠯᠵᠤ᠂ ᠲᠠᠷᠢᠬᠢ ᠲᠣᠯᠣᠭᠠᠢ ᠪᠠᠨ ᠨᠡᠩ ᠰᠠᠶᠢᠲᠤᠷ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠵᠡᠷᠭᠡ ᠵᠢᠭᠰᠠᠭᠠᠯ ᠤᠨ ᠭᠠᠵᠠᠷ ᠤᠨ ᠠᠴᠢᠶᠠᠯᠠᠪᠤᠷᠢ ᠳᠤ ᠲᠦᠰᠢᠭᠯᠡᠨ᠂ ᠤᠯᠠᠨ ᠲᠦᠮᠡᠨᠴᠢᠯᠡᠭᠰᠡᠨ᠂ ᠬᠠᠷᠢᠯᠴᠠᠨ ᠬᠥᠳᠡᠯᠦᠯᠴᠡᠭᠰᠡᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠤᠨ ︽ᠠᠷᠠᠳ ᠲᠦᠮᠡᠨ ᠤ ᠳᠤᠮᠳᠠ ᠭᠦᠨᠵᠡᠭᠡᠶᠢᠷᠡᠬᠦ︾᠎ ᠶᠢ ᠠᠬᠢᠭᠤᠯᠬᠤ ᠬᠡᠷᠡᠭᠲᠡᠢ᠃      ᠬᠤᠷᠠᠯ ᠠᠴᠠ᠂ ᠪᠦᠬᠦ ᠣᠷᠣᠨ ᠤ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠤᠨ ︽ᠠᠷᠪᠠᠨ ᠵᠠᠭᠤᠨ ᠮᠢᠩᠭ᠎ᠠ︾᠎ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠢᠨᠵᠧᠨᠧᠷᠢᠩ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠵᠤ᠂ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ︾᠎ ᠶᠢ ᠭᠦᠨᠵᠡᠭᠡᠢ ᠬᠡᠷᠡᠭᠵᠢᠭᠦᠯᠵᠦ᠂ ᠪᠣᠯᠪᠠᠰᠤᠨ ᠬᠤᠭᠤᠯᠠᠨ ᠰᠢᠷᠡᠭᠡ᠂ ᠪᠣᠯᠪᠠᠰᠤᠨ ᠵᠠᠮ ᠬᠠᠷᠢᠯᠴᠠᠭ᠎ᠠ᠂ ᠪᠣᠯᠪᠠᠰᠤᠨ ᠵᠤᠭᠠᠴᠠᠯ ᠤᠨ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠷᠠᠳ ᠢᠷᠭᠡᠳ ᠤᠨ ᠪᠣᠯᠪᠠᠰᠤᠨ ᠤ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠪᠣᠯᠪᠠᠰᠤᠨ ᠭᠡᠷ ᠪᠦᠯᠢ᠂ ᠲᠠᠪᠤᠨ ᠰᠠᠶᠢᠨᠲᠠᠶ ᠭᠡᠷ ᠪᠦᠯᠢ᠂ ᠬᠠᠮᠤᠭ ᠤᠨ ᠭᠤᠶᠣ ᠭᠡᠷ ᠪᠦᠯᠢ᠂ ᠣᠳᠣᠨ ᠲᠡᠰ ᠤᠨ ᠪᠣᠯᠪᠠᠰᠤᠨ ᠡᠷᠦᠬᠡ ᠵᠡᠷᠭᠡ ᠶᠢ ᠡᠭᠦᠳᠦᠨ ᠪᠠᠶᠢᠭᠤᠯᠵᠤ ᠰᠢᠯᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠭᠡᠷ ᠤᠨ  ᠬᠦᠮᠦᠵᠢᠯ ᠭᠡᠷ ᠤᠨ ᠰᠤᠷᠭᠠᠯ ᠤᠨ ᠤᠯᠠᠮᠵᠢᠯᠠᠯ︾᠎ ᠤᠨ ᠨᠡᠷᠡᠲᠦ ᠲᠡᠮᠳᠡᠭ ᠢ ᠦᠷᠭᠦᠯᠵᠢᠯᠡᠨ ᠴᠤᠭᠴᠠᠯᠠᠨ ᠪᠡᠶᠡᠯᠡᠭᠦᠯᠦᠨ᠎ᠡ᠃      ᠬᠤᠷᠠᠯ ᠠᠴᠠ᠂ ᠦᠯᠢᠭᠡᠷ ᠳᠠᠭᠤᠷᠢᠶᠠᠯ ᠢᠶᠠᠷ ᠬᠦᠳᠦᠯᠦᠨ ᠳᠠᠭᠠᠭᠤᠯᠬᠤ ᠶᠢ ᠴᠢᠬᠤᠯᠠᠴᠢᠯᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠬᠤ᠂ ᠰᠤᠷᠤᠯᠴᠠᠬᠤ ᠪᠠ ᠤᠬᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠪᠠᠭᠠᠲᠤᠷ ᠵᠢᠱᠢᠶᠡᠴᠢ ᠪᠣᠯ ᠠᠮᠢᠳᠤ ᠰᠣᠷᠭᠤᠭ ᠦᠷᠳᠡᠭ ᠤᠨ ᠦᠵᠡᠯᠲᠡ᠂ ᠢᠯᠡ ᠲᠣᠳᠣ ᠢᠳᠡᠪᠬᠢ ᠬᠦᠴᠦᠨ ᠮᠥᠨ᠂ ᠤᠬᠠᠭᠤᠯᠭ᠎ᠠ ᠶᠢᠨ ᠵᠢᠱᠢᠶᠡᠴᠢ ᠬᠥᠮᠦᠰ ᠢ ᠰᠣᠩᠭᠤᠨ ᠪᠤᠢ ᠪᠣᠯᠭᠠᠬᠤ ᠪᠠᠷ ᠭᠠᠷᠳᠠᠴᠠ ᠪᠣᠯᠭᠠᠵᠤ᠂ ᠵᠢᠱᠢᠶᠡᠴᠢ ᠶᠢᠨ ᠰᠡᠳᠬᠢᠯ ᠬᠥᠳᠡᠯᠭᠡᠮ᠎ᠡ ᠦᠯᠢᠭᠡᠷ ᠢ ᠰᠠᠶᠢᠲᠤᠷ ᠶᠠᠷᠢᠵᠤ᠂ ᠵᠢᠱᠢᠶᠡᠴᠢ ᠶᠢᠨ ᠡᠷᠬᠢᠮ ᠳᠡᠭᠡᠳᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠪᠠᠭᠠᠲᠤᠷᠴᠤᠳ ᠢ ᠡᠷᠬᠢᠮᠯᠡᠬᠦ᠂ ᠬᠤᠰᠢᠭᠤᠴᠢ ᠪᠣᠯᠬᠤ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠢ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ︽ᠰᠢᠨ᠎ᠡ ᠴᠠᠭ ᠦᠶ᠎ᠡ ᠶᠢᠨ ᠰᠤᠳᠤᠨ ᠪᠠᠭᠠᠴᠤᠳ︾᠎ ᠢ ᠰᠤᠷᠤᠯᠴᠠᠨ ᠤᠬᠠᠭᠤᠯᠬᠤ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ︽ᠬᠥᠮᠦᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠬᠤ︾᠂ ︽ᠬᠡᠦᠬᠡᠳ ᠤᠨ ᠰᠡᠳᠬᠢᠯ ᠨᠠᠮ ᠢᠶᠠᠨ ᠲᠠᠭᠠᠨ ᠤᠷᠤᠭᠰᠢᠯᠠᠬᠤ︾᠂ ︽ᠤᠯᠤᠰ ᠢᠶᠠᠨ ᠬᠦᠴᠦᠷᠬᠡᠭᠵᠢᠭᠦᠯᠬᠦ ᠰᠡᠷᠭᠦᠨ ᠮᠠᠨᠳᠤᠭᠤᠯᠬᠤ ᠳᠤ ᠪᠢ ᠪᠤᠢ︾ ᠵᠡᠷᠭᠡ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠤᠯᠠᠨ ᠨᠠᠰᠤᠨ ᠳᠤ ᠦᠯᠦ ᠬᠦᠷᠦᠭᠰᠡᠳ ᠤᠨ ᠬᠠᠷᠠᠬᠠᠨ ᠪᠠᠭ᠎ᠠ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠦᠳᠦᠯᠦᠨ ᠵᠢᠯᠣᠭᠤᠳᠴᠤ᠂ ᠨᠠᠮ ᠤᠨ ᠲᠥᠯᠥᠭᠡ ᠴᠢᠳᠠᠪᠤᠷᠢᠲᠠᠨ ᠪᠣᠯᠬᠤ᠂ ᠤᠯᠤᠰ ᠲᠠᠭᠠᠨ ᠬᠤᠪᠢ ᠨᠡᠮᠡᠷᠢ ᠦᠵᠡᠭᠦᠯᠬᠦ ᠪᠠᠷ ᠵᠣᠷᠢᠭ ᠰᠢᠭᠤᠳᠬᠤ ᠬᠡᠷᠡᠭᠲᠡᠢ᠃      ᠦᠨᠡᠨᠴᠢ ᠰᠢᠳᠤᠷᠭᠤ ᠶᠣᠰᠣ ᠮᠣᠷᠠᠯ ᠢ ᠴᠢᠬᠤᠯᠠᠴᠢᠯᠠᠵᠤ᠂ ᠦᠨᠡᠨᠴᠢ ᠢᠲᠡᠭᠡᠮᠵᠢᠲᠡᠢ ᠪᠠᠶᠢᠬᠤ᠂ ᠦᠨᠡᠨᠴᠢ ᠢᠲᠡᠭᠡᠮᠵᠢᠲᠡᠢ ᠪᠠᠶᠢᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠣᠯᠠᠨ ᠵᠦᠢᠯ ᠤᠨ ᠬᠡᠯᠪᠡᠷᠢ ᠪᠠᠷ ᠨᠡᠶᠢᠭᠡᠮ ᠤᠨ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠦᠨ ᠵᠡᠷᠭᠡ ᠠᠵᠢᠯ ᠤᠨ ᠳᠤᠮᠳᠠ ᠦᠨᠡᠨᠴᠢ ᠢᠲᠡᠭᠡᠮᠵᠢᠲᠡᠶ ᠨᠡᠶᠢᠲᠡᠯᠢᠭ ᠵᠢᠱᠢᠶ᠎ᠡ ᠶᠢ ᠰᠣᠩᠭᠤᠨ ᠪᠤᠢ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠤᠬᠠᠭᠤᠯᠤᠨ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠮᠡᠳᠡᠭᠡᠯᠡᠵᠦ᠂ ︽ᠬᠥᠮᠦᠨ ᠪᠦᠬᠦᠨ ᠢᠲᠡᠭᠡᠵᠦ᠂ ᠭᠠᠵᠠᠷ ᠪᠣᠯᠭᠠᠨ ᠳᠤ ᠢᠲᠡᠭᠡᠮᠵᠢᠲᠡᠶ  ᠪᠠᠶᠢᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠬᠤᠯᠠᠴᠢᠯᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠵᠢᠯ ᠤᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠦᠯᠬᠦᠮᠳᠡᠨ ᠤᠷᠤᠭᠰᠢᠯᠠᠵᠤ᠂ ᠪᠦᠬᠦ ᠬᠤᠰᠢᠭᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠪᠣᠯᠪᠠᠰᠤᠨ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠠᠪᠠᠭ᠎ᠠ ᠶᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃      ᠬᠤᠷᠠᠯ ᠳᠡᠭᠡᠷ᠎ᠡ᠂ ᠵᠢᠷᠭᠠᠯᠠᠩᠲᠤ ᠰᠤᠮᠤ᠂ ᠠᠪᠠᠭ᠎ᠠ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ  ᠺᠣᠮᠫᠠᠨᠢ᠂ ᠨᠢᠭᠡᠳᠦᠭᠡᠷ ᠪᠠᠭ᠎ᠠ ᠰᠤᠷᠭᠠᠭᠤᠯᠢ ᠲᠣᠰ ᠲᠣᠰ ᠪᠣᠯᠪᠠᠰᠤᠨ ᠰᠤᠮᠤ ᠪᠠᠯᠭᠠᠰᠤ᠂ ᠪᠣᠯᠪᠠᠰᠤᠨ ᠨᠢᠭᠡᠴᠡ᠂ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠠᠵᠢᠯ ᠤᠨ ᠲᠤᠬᠠᠶ ᠨᠡᠶᠢᠲᠡᠯᠢᠭ ᠶᠠᠷᠢᠶ᠎ᠠ ᠲᠠᠯᠪᠢᠪᠠ᠃ ︽ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ︾᠎ ᠤᠨ ᠡᠮᠦᠨ᠎ᠡ ᠠᠴᠠ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠨᠠᠷᠠᠨᠪᠤᠯᠠᠭ ᠬᠢᠯᠢ ᠶᠢᠨ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠬᠠᠰᠡᠷᠳᠡᠨᠢ ᠲᠥᠯᠥᠭᠡᠯᠡᠭᠴᠢ ᠰᠠᠶᠢᠰᠢᠶᠠᠭᠳᠠᠭᠰᠠᠨ ᠲᠡᠷᠢᠭᠦᠨ ᠤ ᠵᠢᠱᠢᠶᠡᠴᠢ ᠨᠡᠶᠢᠲᠡᠯᠢᠭ ᠶᠠᠷᠢᠶ᠎ᠠ ᠲᠠᠯᠪᠢᠪᠠ᠃      ᠬᠠᠮᠤᠭ ᠰᠡᠬᠦᠯ ᠳᠤ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠵᠦᠢ︾᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾᠎ ᠶᠢ ᠶᠠᠪᠤᠭᠳᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠬᠢᠪᠡ᠃      ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠬᠡᠯᠲᠡᠰ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号