ᠠᠪᠠᠭ᠎ᠠ ᠬᠤᠰᠢᠭᠤ ᠨᠢᠭᠡᠳᠦᠮᠡᠯ ᠹᠷᠣᠨᠲ ᠤᠨ ᠪᠦᠷᠢᠯᠳᠦᠬᠦᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/4/22
     4 ᠰᠠᠷ᠎ᠠ ᠶᠢᠨ 15᠎ ᠤ ᠡᠳᠦᠷ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠭᠡᠰᠢᠭᠦᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯᠪᠠᠰᠤᠷᠠᠯ ᠨᠢ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ︶᠎ ᠳᠤ ᠡᠬᠢᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠤᠤ ᠽᠢ ᠨᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠪᠥᠬᠦ ᠬᠤᠰᠢᠭᠤᠨ ᠤ ᠨᠠᠮ ᠤᠨ ᠪᠤᠰᠤ  ᠺᠠᠳ᠋ᠷ᠂ ᠨᠠᠮ ᠤᠨ ᠪᠤᠰᠤ ᠰᠡᠬᠡᠭᠡᠲᠡᠨ᠂ ᠨᠠᠮ ᠪᠦᠯᠦᠭ ᠤᠨ ᠪᠤᠰᠤ ᠬᠥᠮᠦᠰ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ᠂ ᠳᠤᠮᠳᠠᠳᠤ ᠶᠢᠨ ᠬᠠᠷᠢᠶᠠᠲᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ᠂ ︽ᠭᠤᠷᠪᠠᠨ ᠰᠢᠨ᠎ᠡ ᠵᠣᠬᠢᠶᠠᠨ ᠪᠠᠶᠢᠭᠤᠯᠤᠯᠲᠠ︾᠎ ᠶᠢᠨ ᠲᠥᠯᠥᠭᠡᠯᠡᠭᠴᠢ 70 ᠭᠠᠷᠤᠶ ᠬᠥᠮᠦᠨ ᠣᠷᠣᠯᠴᠠᠵᠠᠶ᠃      ᠮᠤᠤ ᠽᠢ ᠨᠠᠨ ᠴᠢᠬᠤᠯᠠᠴᠢᠯᠠᠭᠰᠠᠨ ᠨᠢ᠂ ᠥᠷᠭᠡᠨ ᠣᠯᠠᠨ ᠨᠢᠭᠡᠳᠦᠮᠡᠯ ᠹᠷᠣᠨᠲ ᠤᠨ ᠪᠦᠷᠢᠯᠳᠦᠬᠦᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠡᠳᠦᠷ ᠲᠤᠲᠤᠮ ᠤᠨ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠨᠠᠮ ᠤᠨ ᠨᠢᠭᠡᠳᠦᠮᠡᠯ ᠹᠷᠣᠨᠲ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ᠨᠢᠭᠡᠳᠦᠮᠡᠯ ᠹᠷᠣᠨᠲ ᠤᠨ ᠤᠯᠤᠰ ᠲᠥᠷᠥ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ︽ᠵᠢᠷᠭᠤᠭᠠᠨ ᠦᠭᠡ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾᠎ ᠶᠢ ᠪᠡᠶᠡᠯᠡᠭᠦᠯᠵᠦ᠂ ᠡᠯ᠎ᠡ ᠬᠦᠷᠢᠶᠡᠨ ᠤ ᠥᠪᠡᠷ ᠢ ᠪᠠᠨ ᠰᠤᠷᠤᠯᠴᠠᠬᠤ ᠶᠢ ᠥᠷᠭᠡᠨ ᠢᠶᠠᠷ ᠠᠬᠢᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠪᠠᠷ ᠵᠠᠩᠭᠢᠯᠠᠭ᠎ᠠ ᠶᠢᠨ ᠴᠡᠭ ᠪᠣᠯᠭᠠᠵᠤ᠂ ᠨᠢᠭᠡᠳᠦᠮᠡᠯ ᠹᠷᠣᠨᠲ ᠤᠨ ᠪᠦᠷᠢᠯᠳᠦᠬᠦᠨ ᠤ ᠪᠦᠬᠦᠯᠢ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠴᠢᠩᠭᠠᠳᠬᠠᠵᠤ᠂ ᠡᠷᠡᠯᠬᠡᠭᠯᠡᠨ ᠲᠡᠮᠡᠴᠡᠵᠦ᠂ ᠢᠳᠡᠪᠬᠢᠲᠡᠶ ᠠᠵᠢᠯᠯᠠᠵᠤ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠦᠢᠯᠡᠰ ᠤᠨ ᠰᠢᠨ᠎ᠡ ᠠᠮᠵᠢᠯᠲᠠ ᠤᠯᠬᠤ᠂ ᠰᠢᠨ᠎ᠡ ᠪᠠᠶᠢᠳᠠᠯ ᠢ ᠡᠭᠦᠳᠬᠦ᠂ ᠰᠢᠨ᠎ᠡ ᠬᠠᠭᠤᠳᠠᠰᠤ ᠶᠢ ᠪᠢᠴᠢᠭᠯᠡᠬᠦ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠶ᠃      ᠲᠣᠰ ᠤᠳᠠᠭᠠᠨ ᠤ ᠪᠣᠯᠪᠠᠰᠣᠷᠠᠯ 3 ᠡᠳᠦᠷ ᠶᠠᠪᠤᠭᠳᠠᠵᠤ᠂ ᠭᠤᠤᠯᠳᠠᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ︾᠂ ︽ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ︾᠂ ︽ᠶᠡᠷᠦᠩᠬᠡᠶ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠲᠠᠪᠤᠨ ᠶᠡᠭᠡ ᠡᠭᠦᠷᠭᠡ ᠪᠠᠷ ᠵᠢᠯᠣᠭᠤᠳᠣᠯᠭ᠎ᠠ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ︾ ᠵᠡᠷᠭᠡ ᠠᠭᠤᠯᠭ᠎ᠠ ᠶᠢᠨ ᠲᠣᠭᠤᠷᠢᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠬᠤᠶ ᠪᠠᠶᠢᠳᠠᠯ᠂ ᠠᠴᠢ  ᠬᠤᠯᠪᠣᠭᠳᠠᠯ᠂ ᠬᠥᠭᠵᠢᠯᠲᠡ ᠶᠢᠨ ᠲᠡᠤᠬᠡ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠨ ᠶᠠᠷᠢᠵᠤ᠂ ᠪᠣᠯᠪᠠᠰᠤᠷᠠᠯ ᠳᠤ ᠣᠷᠣᠯᠴᠠᠭᠰᠠᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠤᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠠᠩ ᠭᠦᠨᠵᠡᠭᠡᠶ ᠲᠠᠨᠢᠭᠤᠯᠵᠤ᠂ ᠨᠢᠭᠡᠳᠦᠮᠡᠯ ᠹᠷᠣᠨᠲ ᠤᠨ ᠪᠦᠷᠢᠯᠳᠦᠬᠦᠨ ᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号