ᠭᠧ ᠶᠦᠩ ᠵᠢᠶᠦ᠋ᠨ ᠪᠦᠯᠬᠦᠮ ᠳᠠᠭᠠᠭᠤᠯᠤᠨ ᠬᠠᠩᠰᠢ ᠶᠢᠨ ᠡᠳᠦᠷ ᠤᠨ ᠬᠤᠭᠤᠴᠠᠭᠠᠨ ᠳᠠᠬᠢ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠨᠢᠭᠤᠴᠠ ᠪᠠᠷ ᠰᠤᠷᠪᠤᠯᠵᠢᠯᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/22
     4 ᠰᠠᠷ᠎ᠠ ᠶᠢᠨ 3᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠬᠤᠩᠭᠤᠷᠭᠤᠤᠯ ᠪᠠᠯᠭᠠᠰᠤ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠴᠠᠭᠠᠨᠨᠠᠭᠤᠷ ᠪᠠᠯᠭᠠᠰᠤ ᠵᠢᠴᠢ ᠬᠤᠰᠢᠭᠤ ᠪᠠᠶᠢᠭ᠎ᠠ ᠭᠠᠵᠠᠷ ᠤᠨ ᠡᠷᠬᠢᠨ ᠲᠣᠭᠤᠷᠢᠨ ᠤ ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠪᠦᠰᠡ ᠳᠤ ᠭᠦᠨᠵᠡᠭᠡᠶᠢᠷᠡᠨ ︽ᠬᠠᠩᠰᠢ ᠶᠢᠨ ᠡᠳᠦᠷ︾᠎ ᠤᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃      ᠭᠧ ᠶᠦᠩ ᠵᠢᠶᠦ᠋ᠨ ᠴᠢᠬᠤᠯᠠᠴᠢᠯᠠᠭᠰᠠᠨ ᠨᠢ᠂ ︽ᠬᠠᠩᠰᠢ ᠶᠢᠨ ᠡᠳᠦᠷ︾᠎ ᠤᠨ ᠬᠤᠭᠤᠴᠠᠭ᠎ᠠ ᠪᠣᠯ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠬᠤᠷ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠨᠵᠡᠭᠡᠶ ᠲᠠᠨᠢᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠭᠤᠤᠯᠳᠠᠯᠭ᠎ᠠ ᠲᠠᠢ ᠠᠵᠢᠯ ᠢ ᠨᠠᠷᠢᠨ ᠪᠣᠳᠠᠲᠠᠶ ᠠᠳᠬᠤᠬᠤ ᠬᠡᠷᠡᠭᠲᠡᠶ᠃      ᠭᠧ ᠶᠦᠩ ᠵᠢᠶᠦ᠋ᠨ ᠱᠠᠭᠠᠷᠳᠠᠭᠰᠠᠨ ᠨᠢ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠬᠤ ᠬᠡᠷᠡᠭᠲᠡᠢ᠃ ᠠᠷᠠᠳ ᠤᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ᠂ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠤᠳ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠭᠠᠯ ᠰᠡᠷᠭᠡᠶᠢᠯᠡᠬᠦ ᠭᠤᠤᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠬᠤᠰᠢᠭᠤᠨ ᠤ ᠪᠠᠶᠢᠭ᠎ᠠ ᠭᠠᠵᠠᠷ ᠤᠨ ᠡᠷᠬᠢᠨ ᠲᠣᠭᠤᠷᠢᠨ ᠤ ᠨᠡᠶᠢᠲᠡ ᠶᠢᠨ ᠣᠩᠭᠤᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠤᠰᠬᠠᠶ ᠬᠥᠮᠦᠨ ᠵᠢᠵᠢᠭᠦᠷᠯᠡᠨ ᠰᠠᠬᠢᠬᠤ ᠪᠠ ᠲᠣᠭᠤᠷᠢᠨ ᠬᠠᠮᠠᠭᠠᠯᠠᠵᠤ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ︔ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠣᠬᠢᠷᠲᠤᠯ ᠦᠭᠡᠢ ᠪᠣᠯᠪᠠᠰᠤᠨ ᠢᠶᠠᠷ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠲᠠᠬᠢᠯᠭ᠎ᠠ ᠶᠢᠨ ᠬᠥᠮᠦᠰ ᠤᠨ ᠤᠬᠠᠭᠤᠯᠵᠤ ᠬᠥᠲᠥᠯᠥᠨ ᠵᠢᠯᠣᠭᠤᠳᠬᠤ ᠪᠠ ᠭᠠᠯ ᠤᠨ ᠢᠷᠡᠯᠲᠡ ᠶᠢ ᠪᠠᠶᠢᠴᠠᠭᠠᠬᠤ ᠶᠢ ᠰᠠᠶᠢᠲᠤᠷ ᠬᠢᠬᠦ ᠬᠡᠷᠡᠭᠲᠡᠶ᠃ ᠵᠢᠵᠢᠭᠦᠷᠯᠡᠨ ᠴᠠᠭᠲᠠᠬᠤ ᠶᠢ ᠴᠢᠩᠭᠠᠳᠬᠠᠬᠤ ᠭᠡᠷᠡᠭᠲᠡᠢ᠃ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠡᠭᠡᠯᠵᠢ ᠳᠠᠭᠠᠭᠤᠯᠬᠤ᠂ ᠲᠡᠷᠭᠡ ᠬᠥᠰᠬᠡ ᠵᠠᠷᠯᠢᠭ ᠬᠦᠯᠢᠶᠡᠬᠦ ᠪᠠ ᠭᠠᠯ ᠲᠦᠢᠮᠡᠷ ᠤᠨ ᠪᠠᠶᠢᠳᠠᠯ ᠢ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠬᠠᠮᠤᠭ ᠤᠨ ᠲᠡᠷᠢᠭᠦᠨ ᠳᠤ ᠭᠠᠯ ᠲᠦᠢᠮᠡᠷ ᠤᠨ ᠪᠠᠶᠢᠳᠠᠯ ᠢ ᠢᠯᠡᠷᠡᠭᠦᠯᠵᠦ᠂ ᠭᠠᠯ ᠲᠦᠢᠮᠡᠷ ᠤᠨ ᠪᠠᠶᠢᠳᠠᠯ ᠢ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ  ᠬᠡᠷᠡᠭᠲᠡᠢ᠃ ᠬᠥᠮᠦᠨ᠂ ᠲᠡᠷᠭᠡ ᠬᠥᠰᠬᠡ᠂ ᠡᠳ᠋ ᠪᠣᠳᠠᠰ ᠤᠨ ᠠᠵᠢᠯ ᠤᠨ ᠪᠠᠶᠢᠷᠢ ᠶᠢᠨ ᠪᠡᠯᠡᠳᠬᠡᠯ ᠠᠵᠢᠯ ᠢ ᠴᠢᠩᠭᠠᠳᠬᠠᠵᠤ᠂ ᠭᠠᠯ ᠭᠠᠷᠤᠮᠠᠭᠴᠠ ᠳᠠᠷᠤᠶ ᠲᠦᠷᠭᠡᠨ ᠴᠣᠬᠢᠬᠤ ᠶᠢ ᠦᠨᠡᠨ ᠬᠦ ᠪᠠᠲᠤᠯᠠᠵᠤ᠂ ︽ᠡᠷᠲᠡ ᠠᠴᠠ ᠴᠣᠬᠢᠬᠤ᠂ ᠪᠠᠭ᠎ᠠ ᠳᠤᠨᠢ ᠴᠣᠬᠢᠬᠤ᠂ ᠴᠣᠬᠢᠬᠤ︾᠎ ᠶᠢ ᠪᠡᠶᠡᠯᠡᠭᠦᠯᠬᠦ ᠬᠡᠷᠡᠭᠲᠡᠶ ᠭᠡᠵᠡᠢ᠃      ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号