ᠠᠪᠠᠭ᠎ᠠ ᠬᠤᠰᠢᠭᠤ 2024 ᠣᠨ ᠤ ᠪᠦᠬᠦ ᠠᠷᠠᠳ ᠤᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/4/23
     
     2024 ᠣᠨ ᠪᠣᠯ ᠪᠦᠬᠦ ᠠᠷᠠᠳ ᠤᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠦᠷᠨᠢᠭᠦᠯᠦᠭᠰᠡᠨ 43 ᠵᠢᠯ ᠤᠨ ᠤᠢ ᠪᠣᠯᠣᠨ᠎ᠠ᠃ 4 ᠰᠠᠷ᠎ᠠ ᠶᠢᠨ 19᠎ ᠤ ᠡᠳᠦᠷ᠂ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠠᠷᠤᠨᠲ ᠤᠨ ᠬᠡᠯᠲᠡᠰ᠂ ᠬᠤᠰᠢᠭᠤᠨ ᠤ ᠤᠢ ᠰᠢᠭᠤᠢ ᠨᠣᠳᠤᠭ ᠪᠡᠯᠴᠢᠭᠡᠷ ᠤᠨ ᠲᠤᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ ᠢᠶᠠᠷ ᠲᠦᠷᠦᠭᠦᠯᠡᠭᠦᠯᠦᠨ᠂ ᠬᠤᠩᠭᠤᠷᠭᠤᠣᠯ ᠪᠠᠯᠭᠠᠰᠣᠨ ᠤ ᠰᠠᠷᠠᠭᠤᠯᠳᠤᠶᠠᠭ᠎ᠠ ᠭᠠᠴᠠᠭᠠᠨ ᠤ ᠠᠯᠪᠠᠨ ᠵᠢᠷᠤᠮ ᠤᠨ ᠮᠤᠳᠤ ᠲᠠᠷᠢᠬᠤ ᠰᠠᠭᠤᠷᠢᠨ ᠭᠠᠵᠠᠷ᠂ ᠴᠠᠭᠠᠨᠨᠠᠭᠤᠷ ᠪᠠᠯᠭᠠᠰᠣᠨ ᠤ ᠨᠤᠭᠤᠭᠠᠨᠰᠢᠯᠢ ᠭᠠᠴᠠᠭᠠᠨ ᠤ ᠠᠯᠪᠠᠨ ᠵᠢᠷᠤᠮ ᠤᠨ ᠮᠤᠳᠤ ᠲᠠᠷᠢᠬᠤ ᠰᠠᠭᠤᠷᠢᠨ ᠭᠠᠵᠠᠷ ᠲᠤ ᠪᠦᠬᠦ ᠠᠷᠠᠳ ᠤᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢ ᠵᠤᠬᠢᠶᠠᠨ ᠪᠠᠶᠢᠭᠤᠯᠵᠤ ᠦᠷᠨᠢᠬᠦᠯᠪᠡ᠃
     ᠮᠤᠳᠤ ᠲᠠᠷᠢᠬᠤ ᠠᠬᠤᠢ ᠲᠠᠯᠠᠪᠠᠢ ᠳᠤ᠂ ᠨᠦᠬᠡ ᠮᠠᠯᠲᠠᠬᠤ᠂ ᠴᠢᠬᠢ ᠰᠠᠭᠤᠯᠭᠠᠬᠤ᠂ ᠲᠦᠰᠢᠵᠦ ᠲᠡᠭᠰᠢᠯᠡᠬᠦ᠂ ᠪᠣᠯᠠᠵᠤ ᠴᠢᠩᠭᠠᠯᠠᠬᠤ᠂ ᠣᠰᠤᠯᠠᠬᠤ ᠠᠯᠢ ᠣᠯᠠᠨ ᠶᠠᠪᠤᠴᠠ ᠳᠤ ᠣᠯᠠᠨ ᠢᠶᠠᠷ ᠢᠶᠠᠨ ᠬᠠᠷᠢᠯᠴᠠᠨ ᠬᠠᠮᠵᠢᠯᠴᠠᠵᠤ᠂ ᠬᠦᠴᠦ ᠨᠢᠭᠡᠲᠡᠢ ᠶᠠᠭᠠᠷᠠᠯᠳᠤᠨ᠂ ᠮᠠᠩᠬᠠᠨ ᠨᠣᠳᠤᠭ ᠲᠤ ᠬᠠᠷᠠᠭᠠᠨ᠎ᠠ ᠰᠢᠷ᠎ᠠ ᠪᠣᠷᠭᠠᠰᠤ ᠵᠡᠷᠭᠡ ᠁ ᠴᠢᠬᠢ ᠮᠤᠳᠤᠳ ᠮᠦᠷ ᠮᠦᠷ ᠵᠢᠭᠳᠡᠷᠡᠨ ᠪᠣᠰᠴᠦ᠂ ᠬᠦᠳᠡᠯᠮᠦᠷᠢ ᠶᠢᠨ ᠣᠷᠠᠢ ᠬᠠᠩᠬᠢᠨᠠᠨ᠎ᠠ᠃ ᠪᠤᠳᠠᠳᠤ ᠠᠵᠢᠯᠯᠠᠭ᠎ᠠ ᠪᠠᠷ ᠢᠶᠠᠨ ᠪᠣᠬᠢᠷᠳᠤᠯ ᠦᠭᠡᠢ ᠬᠦᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠦᠬᠡᠮᠳᠦᠭ ᠨᠤᠭᠤᠭᠠᠨ ᠠᠭᠤᠯᠠ ᠤᠰᠤ ᠶᠢ ᠬᠠᠶᠢᠷᠠᠯᠠᠨ ᠬᠠᠮᠠᠭᠠᠯᠠᠬᠤ ᠳᠤ ᠬᠦᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ ᠭᠦᠨ ᠵᠣᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠡᠶ᠎ᠡ ᠵᠤᠬᠢᠴᠠᠩᠭᠤᠢ ᠤᠷᠤᠰᠢᠨ ᠰᠠᠭᠤᠬᠤ ᠳᠤ ᠳᠤᠬᠢᠷᠠᠮᠵᠢᠲᠠᠢ ᠪᠤᠬᠢᠷᠳᠣᠯ ᠦᠭᠡᠢ ᠭᠡᠷ ᠤᠷᠤᠨ ᠢ ᠴᠤᠭᠴᠠᠯᠠᠨ ᠪᠠᠶᠢᠭᠤᠯᠬᠤ ᠪᠠ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠣᠯᠠᠨ ᠢᠶᠠᠷ ᠢᠶᠠᠨ ᠢᠯᠡᠷᠬᠡᠶᠢᠯᠡᠵᠡᠭᠡᠪᠡ᠃
      ︽ᠮᠣᠳᠣ ᠲᠠᠷᠢᠵᠤ ᠨᠤᠭᠤᠭᠠᠷᠠᠭᠤᠯᠬᠤ ᠪᠣᠯ ᠪᠤᠶᠠᠨ ᠦᠢᠯᠡᠳᠴᠦ᠂ ᠠᠮᠢ ᠠᠬᠤᠢ ᠶᠢ ᠬᠠᠮᠠᠭᠠᠯᠠᠬᠤ ᠰᠠᠶᠢᠨ ᠶᠠᠪᠤᠳᠠᠯ ᠮᠦᠨ᠂ ᠮᠠᠯᠴᠢᠨ ᠲᠦᠮᠡᠨ ᠴᠦ ᠢᠳᠡᠪᠬᠢᠲᠡᠢ ᠪᠠᠷ ᠴᠤᠤᠷᠢᠶᠠᠳᠤᠨ ᠲᠠᠭᠠᠵᠤ᠂ ᠰᠠᠨᠠᠭᠠᠴᠢᠯᠠᠭ᠎ᠠ ᠠᠴᠠ ᠪᠠᠨ ᠤᠷᠤᠯᠴᠠᠵᠤ ᠪᠣᠯᠣᠨ᠎ᠠ᠂ ᠬᠦᠮᠦᠨ ᠪᠦᠬᠦᠨ ᠡᠬᠡ ᠪᠠᠶᠢᠭᠠᠯᠢ ᠪᠠᠨ ᠬᠠᠶᠢᠷᠠᠯᠠᠬᠤ ᠦᠵᠡᠯ ᠣᠬᠠᠮᠰᠠᠷ ᠲᠠᠢ ᠪᠠᠶᠢᠬᠤ ᠶᠢ ᠬᠦᠰᠡᠵᠦ ᠪᠠᠶᠢᠨ᠎ᠠ︾ ᠭᠡᠵᠦ ᠨᠤᠭᠤᠭᠠᠨᠰᠢᠯᠢ ᠭᠠᠴᠠᠭᠠᠨ ᠤ ᠮᠠᠯᠴᠢᠨ ᠪᠠᠲᠤᠪᠢᠯᠢᠭ᠌ ᠶᠠᠷᠢᠨ᠎ᠠ᠃
      ︽ᠦᠨᠦᠳᠦᠷ ᠤᠨ ᠮᠤᠳᠤ ᠲᠠᠷᠢᠬᠤ ᠠᠵᠢᠯᠯᠠᠭ᠎ᠠ ᠳᠤ ᠮᠠᠰᠢ ᠣᠯᠠᠨ ᠬᠦᠮᠦᠨ ᠤᠷᠤᠯᠴᠠᠯ᠎ᠠ᠂ ᠣᠨᠴᠠᠭᠠᠢ ᠣᠳᠬ᠎ᠠ ᠠᠭᠤᠯᠭ᠎ᠠ ᠲᠠᠢ ᠰᠠᠨᠠᠭᠳᠠᠵᠤ ᠪᠠᠶᠢᠨ᠎ᠠ᠂ ᠡᠳᠡᠭᠡᠷ ᠵᠦᠢᠯ ᠲᠤ ᠣᠯᠠᠨ ᠤ ᠣᠬᠠᠮᠰᠠᠷ ᠴᠦ ᠣᠯᠠᠮ ᠠᠴᠠ ᠤᠯᠠᠮ ᠦᠨᠳᠦᠷ ᠪᠣᠯᠵᠤ ᠪᠠᠶᠢᠨ᠎ᠠ᠂ ᠪᠢᠳᠡ ᠬᠠᠮᠲᠤ ᠪᠠᠷ ᠴᠢᠷᠮᠠᠶᠢᠳᠠᠭ ᠯᠡ ᠶᠤᠮ ᠪᠣᠯ ᠯᠠᠪᠲᠠᠶᠢᠶ᠎ᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠲᠡ ᠶᠢᠨ ᠳᠠᠶᠢᠯᠠᠯᠳᠤᠭᠠᠨ ᠤ ᠢᠯᠡᠯᠲᠡ ᠶᠢ ᠲᠡᠮᠡᠴᠡᠨ ᠣᠯᠵᠤ᠂ ᠬᠦᠬᠡᠮᠳᠦᠭ ᠨᠤᠭᠤᠭᠠᠨ ᠠᠭᠤᠯᠠ ᠤᠰᠤ ᠪᠠᠨ ᠬᠠᠮᠠᠭᠠᠯᠠᠵᠤ ᠴᠢᠳᠠᠨ᠎ᠠ ᠭᠡᠳᠡᠭ ᠲᠤ ᠢᠲᠡᠭᠡᠯ ᠲᠠᠢ ᠪᠠᠶᠢᠨ᠎ᠠ︾ ᠭᠡᠵᠦ ᠨᠤᠭᠤᠭᠠᠨᠰᠢᠯᠢ ᠭᠠᠴᠠᠭᠠᠨ ᠤ ᠮᠠᠯᠴᠢᠨ ᠵᠠᠩ ᠱᠧᠦ ᠪᠢᠨ ᠢᠡᠲᠡᠭᠡᠯ ᠲᠠᠢ ᠶᠠᠷᠢᠨ᠎ᠠ᠃
     ᠣᠶᠢᠯᠠᠭᠠᠭᠰᠠᠨ ᠢᠶᠠᠷ᠂ ᠪᠦᠬᠦ ᠬᠤᠰᠢᠭᠤᠨ ᠤ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠠᠮᠳᠤᠷᠠᠯᠴᠠᠭ᠎ᠠ ᠲᠤᠤᠷ᠎ᠠ᠂ ︽ᠦᠨᠳᠦᠰᠦᠲᠡᠨ ᠤ ᠪᠦᠯᠬᠦᠮᠳᠡᠯ ᠤᠨ ᠤᠢ︾᠂ ︽ᠬᠦᠳᠡᠯᠮᠦᠷᠢ ᠶᠢᠨ ᠵᠢᠱᠢᠶᠠᠴᠢ ᠶᠢᠨ ᠤᠢ︾ ᠵᠡᠷᠭᠡ ᠰᠢᠷᠢᠰ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠬᠦ ᠪᠠᠷ ᠳᠠᠮᠵᠢᠭᠤᠯᠤᠨ᠂ ᠨᠡᠶᠢᠲᠡ 4 ᠲᠦᠮᠡ ᠭᠠᠷᠤᠢ ᠰᠠᠭᠤᠷᠢ ᠮᠤᠳᠤ ᠲᠠᠷᠢᠵᠤ᠂ ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠰᠡᠯ ᠡᠷᠡᠮᠡᠯᠵᠡᠯ  ᠲᠠᠯᠪᠢᠵᠤ᠂ ᠠᠮᠢ ᠠᠬᠤᠢ ᠶᠢᠨ ᠤᠷᠴᠢᠨ ᠲᠤᠭᠤᠷᠢᠨ ᠳᠤ ᠰᠢᠨ᠎ᠡ ᠨᠤᠭᠤᠭᠠᠨ ᠦᠩᠭᠡ ᠨᠡᠮᠡᠷᠢᠯᠡᠵᠦ᠂ ᠪᠣᠬᠢᠷᠳᠤᠯ ᠦᠭᠡᠢ ᠬᠦᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
     ᠠᠪᠠᠭ᠎ᠠ ᠬᠤᠰᠢᠭᠤ ᠨᠢ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠪᠠᠷ ᠠᠵᠠ ᠳᠤᠬᠢᠶᠠᠯ ᠪᠣᠯᠭᠠᠵᠤ᠂ ᠠᠮᠢ ᠠᠬᠤᠢ ᠶᠢᠨ ᠨᠤᠭᠤᠭᠠᠷᠠᠭᠤᠯᠤᠯᠲᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠶᠡᠭᠡ ᠪᠠᠷ ᠦᠷᠨᠢᠭᠦᠯᠵᠦ᠂ ᠬᠦᠮᠦᠨ ᠪᠣᠯᠭᠠᠨ ᠨᠤᠭᠤᠭᠠᠷᠠᠭᠤᠯᠤᠯᠲᠠ ᠶᠢ ᠡᠷᠬᠢᠮᠯᠡᠵᠦ᠂ ᠨᠤᠭᠤᠭᠠᠷᠠᠭᠤᠯᠤᠯᠲᠠ ᠶᠢ ᠬᠠᠮᠠᠭᠠᠯᠠᠬᠤ ᠪᠣᠯᠪᠠᠰᠤᠨ ᠬᠡᠪ ᠰᠤᠷᠳᠠᠯ ᠢ ᠬᠦᠴᠦᠯᠡᠨ ᠪᠣᠢ ᠪᠣᠯᠭᠠᠵᠤ᠂ ᠣᠶᠢᠵᠢᠭᠤᠯᠵᠤ ᠨᠤᠭᠤᠭᠠᠷᠠᠭᠤᠯᠬᠤ ᠠᠵᠤ ᠠᠬᠤᠢ᠂ ᠠᠮᠢ ᠠᠬᠤᠢ ᠪᠠ ᠨᠡᠶᠢᠭᠡᠮ ᠤᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠶᠢ ᠬᠦᠴᠦᠲᠡᠢ ᠠᠬᠢᠭᠤᠯᠬᠤ ᠪᠣᠯᠣᠨ᠎ᠠ᠃      ᠬᠤᠰᠢᠭᠤ ᠲᠦᠷᠪᠡᠨ ᠶᠡᠭᠡ ᠣᠳᠣᠷᠢᠳᠬᠤ ᠪᠠᠭ ᠤᠨ ᠣᠳᠣᠷᠢᠳᠤᠯᠭ᠎ᠠ᠂ ᠰᠢᠬᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠠᠮᠢᠶ᠎ᠠ ᠪᠦᠬᠦᠢ ᠣᠳᠣᠷᠢᠳᠣᠯᠭ᠎ᠠ᠂ ᠬᠤᠰᠢᠭᠤᠨ ᠤ ᠡᠯ᠎ᠡ ᠬᠡᠯᠲᠡᠰ ᠵᠦᠪᠯᠡᠯ ᠠᠯᠪᠠᠨ ᠭᠡᠷ ᠲᠤᠪᠴᠢᠶᠠᠨ ᠤ ᠬᠠᠮᠢᠶ᠎ᠠ ᠪᠦᠬᠦᠢ ᠺᠠᠳ᠋ᠷ ᠠᠵᠢᠯᠳᠠᠳ᠂ ᠬᠤᠩᠭᠤᠷᠭᠤᠣᠯ ᠪᠠᠯᠭᠠᠰᠣ᠂ ᠴᠠᠭᠠᠨᠨᠠᠭᠤᠷ ᠪᠠᠯᠭᠠᠰᠣᠨ ᠤ ᠬᠠᠷᠢᠭᠤᠴᠠᠯᠭᠠᠲᠠᠨ ᠵᠢᠴᠢ ᠭᠡᠰᠡᠭ ᠮᠠᠯᠴᠢᠨ ᠲᠦᠮᠡᠨ ᠨᠡᠶᠢᠲᠡ 140 ᠭᠠᠷᠤᠢ ᠬᠦᠮᠦᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号