ᠠᠪᠠᠭ᠎ᠠ ᠬᠤᠰᠢᠭᠤᠨ ᠤ 2024 ᠣᠨ ᠤ ᠴᠢᠨᠠᠷ ᠰᠠᠶᠢᠲᠠᠢ ᠬᠦᠭᠵᠢᠯᠲᠡ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 18᠎ ᠤ ᠡᠳᠦᠷ᠂ ᠠᠪᠠᠭ᠎ᠠ ᠬᠤᠰᠢᠭᠤᠨ ᠤ 2024 ᠣᠨ ᠤ ᠴᠢᠨᠠᠷ ᠰᠠᠶᠢᠲᠠᠢ ᠬᠦᠭᠵᠢᠯᠲᠡ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠡᠬᠢᠯᠡᠬᠦ ᠶᠤᠰᠤᠯᠠᠯ ᠪᠡᠯᠭᠦᠳᠡᠢ ᠳ᠋ᠠ ᠬᠠᠩ 200 ᠰᠠᠶ᠎ᠠ ᠸᠠᠲ / ᠴᠠᠭ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠶᠠᠪᠤᠭᠳᠠᠯ᠎ᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠶᠠᠷᠢᠶ᠎ᠠ ᠲᠠᠯᠪᠢᠵᠤ᠂ ᠲᠦᠷᠦᠯ ᠵᠦᠢᠯ ᠤᠨ ᠪᠠᠷᠢᠯᠭ᠎ᠠ ᠡᠬᠢᠯᠡᠭᠰᠡᠨ ᠢ ᠵᠠᠷᠯᠠᠪᠠ᠃      ᠳ᠋ᠠ ᠬᠠᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠺᠠᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠤᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠭᠧ ᠶᠥᠩ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠷᠧᠨ ᠬᠤᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠡᠷᠬᠢᠮᠲᠦ᠂ ᠵᠠᠰᠠᠭ ᠤᠨ ᠣᠷᠳᠤᠨ ᠤ ᠬᠤᠰᠢᠭᠤ ᠳᠡᠳ᠋ ᠳᠠᠷᠤᠭ᠎ᠠ ᠯᠢ ᠵᠢᠶᠦ᠋ᠨ᠂ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠸᠠᠩ ᠸᠠᠨ ᠶᠢᠨ ᠨᠠᠷ ᠶᠤᠰᠤᠯᠠᠯ ᠳᠤ ᠤᠷᠤᠯᠴᠠᠪᠠ᠃      ᠨᠠᠰᠤᠨᠪᠠᠲᠤ ᠶᠠᠷᠢᠶᠠᠨ ᠳᠤ ᠪᠠᠨ᠂ ᠲᠤᠰ ᠣᠳᠠᠭᠠᠨ ᠤ ᠲᠦᠪᠯᠡᠷᠡᠭᠦᠯᠦᠨ ᠪᠠᠷᠢᠯᠭ᠎ᠠ ᠡᠬᠢᠯᠡᠭᠦᠯᠦᠭᠰᠡᠨ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠡᠯᠡ ᠤᠷᠤᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠬᠤ᠂ ᠲᠦᠷᠦᠯ ᠵᠦᠢᠯ ᠢ ᠬᠡᠷᠡᠭᠵᠢᠭᠦᠯᠬᠦ᠂ ᠠᠵᠤ ᠦᠢᠯᠡᠰ ᠢ ᠰᠢᠯᠢᠳᠡᠭᠵᠢᠭᠦᠯᠬᠦ᠂ ᠨᠡᠮᠡᠭᠳᠡᠯ ᠢ ᠲᠤᠭᠲᠠᠪᠤᠷᠢᠵᠢᠭᠤᠯᠬᠤ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠤᠳᠠᠳᠠᠢ ᠦᠢᠯᠡᠳᠦᠯᠭᠡ ᠪᠣᠯᠣᠨ᠎ᠠ᠂ ᠨᠡᠩ ᠴᠦ ︽ᠬᠤᠶᠠᠷ ᠶᠡᠭᠡ ᠶᠠᠪᠤᠳᠠᠯ︾᠎ ᠶᠢ ᠰᠠᠶᠢᠳᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠵᠦ᠂ ︽ᠰᠢᠨ᠎ᠡ ᠵᠠᠮ ᠢ ᠡᠷᠢᠯᠬᠢᠯᠡᠵᠦ᠂ ᠳᠤᠮᠳᠠ ᠡᠩᠨᠡᠭᠡᠨ ᠳᠤ ᠤᠷᠤᠬᠤ︾ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠦᠴᠦᠲᠡᠢ ᠠᠷᠭ᠎ᠠ ᠬᠡᠮᠵᠢᠶ᠎ᠡ ᠪᠤᠯᠤᠨ᠎ᠠ᠃ ᠣᠳᠣᠬᠠᠨ ᠳᠤ ᠨᠢᠭᠡᠨᠲᠡ ᠲᠦᠷᠦᠯ ᠵᠦᠢᠯ ᠤᠨ ᠪᠠᠷᠢᠯᠭ᠎ᠠ ᠶᠢᠨ ᠱᠠᠳᠤᠨ ᠳᠤ ᠵᠢᠩᠬᠢᠨᠢ ᠪᠠᠷ ᠤᠷᠤᠭᠰᠠᠨ ᠪᠣᠯᠬᠤᠷ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠭᠦᠢᠴᠡᠳᠭᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠣᠰᠣᠳ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠢᠶᠠᠨ ᠡᠬᠢᠯᠡᠭᠦᠯᠬᠦ ᠪᠠ ᠰᠡᠷᠭᠦᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠰᠢᠨᠵᠢᠯᠡᠬᠦ ᠣᠬᠠᠭᠠᠨ ᠢᠶᠠᠷ ᠠᠷᠭ᠎ᠠ ᠰᠦᠪᠡᠭᠴᠢᠯᠡᠨ ᠨᠢᠭᠡ ᠪᠦᠯᠦᠭ ᠲᠤᠮᠤ ᠲᠦᠷᠦᠯ ᠵᠦᠢᠯ ᠢ ᠨᠦᠬᠡᠴᠡᠯᠡᠵᠦ᠂ ᠨᠡᠩ ᠣᠯᠠᠨ ᠲᠦᠷᠦᠯ ᠵᠦᠢᠯ ᠢ ᠤᠯᠤᠰ᠂ ᠦᠪᠡᠷᠲᠡᠭᠡᠨ ᠵᠠᠰᠠᠬᠤ ᠤᠷᠤᠨ ᠤ ︽ᠲᠤᠮᠤ ᠲᠦᠷᠦᠯ ᠵᠦᠢᠯ︾᠎ ᠲᠤ ᠤᠷᠤᠭᠤᠯᠬᠤ ᠪᠠᠷ ᠴᠢᠷᠮᠠᠶᠢᠬᠤ ᠬᠡᠷᠡᠭᠲᠡᠢ᠃ ᠤᠨᠢᠨ ᠲᠡᠭᠡᠷ᠎ᠡ ᠨᠢ ᠠᠷᠠᠯᠵᠢᠶᠠᠴᠢᠨ ᠣᠷᠢᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠨᠡᠩ ᠣᠯᠠᠨ ᠴᠢᠨᠠᠷ ᠰᠠᠶᠢᠲᠠᠢ ᠲᠦᠷᠦᠯ ᠵᠦᠢᠯ ᠢ ᠠᠪᠠᠭ᠎ᠠ ᠬᠤᠰᠢᠭᠤᠨ ᠳᠤ ᠨᠣᠳᠣᠭᠰᠢᠭᠤᠯᠬᠤ ᠪᠠᠷ ᠴᠢᠷᠮᠠᠶᠢᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠳᠤᠷ ᠬᠡᠷᠡᠭᠵᠢᠬᠦᠯᠵᠦ᠂ ᠨᠡᠩ ᠴᠢᠨᠠᠷ ᠰᠠᠶᠢᠲᠠᠢ᠂ ᠦᠨᠳᠦᠷ ᠪᠦᠳᠦᠮᠵᠢᠲᠡᠢ᠂ ᠦᠨᠡᠨᠴᠢ ᠢᠲᠡᠭᠡᠮᠵᠢ ᠲᠠᠢ ᠦᠢᠯᠡᠴᠢᠯᠡᠭᠡ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠣᠶᠢᠯᠠᠭᠠᠭᠰᠠᠨ ᠢᠶᠠᠷ᠂ ᠲᠤᠰ ᠣᠳᠠᠭᠠᠨ ᠤ ᠲᠦᠪᠯᠡᠷᠡᠭᠦᠯᠦᠨ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ 31 ᠭᠤᠣᠯᠳᠠᠯᠭ᠎ᠠ ᠲᠠᠢ ᠲᠦᠷᠦᠯ ᠵᠦᠢᠯ ᠤᠨ ᠲᠡᠭᠡᠷ᠎ᠡ ᠣᠷᠢᠳᠴᠢᠯᠠᠨ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ 3 ᠭᠤᠣᠯᠳᠠᠯᠭ᠎ᠠ ᠲᠠᠢ ᠲᠦᠷᠦᠯ ᠵᠦᠢᠯ ᠢ ᠨᠡᠮᠡᠪᠡᠯ᠂ ᠶᠡᠷᠦᠩᠬᠡᠢ ᠪᠡᠯᠡ ᠤᠷᠤᠭᠤᠯᠤᠯᠲᠠ ᠨᠢ 40.6 ᠳ᠋ᠦᠩᠰᠢᠭᠤᠷ ᠲᠦᠭᠦᠷᠢᠭ ᠲᠤ ᠬᠦᠷᠴᠦ᠂ ᠴᠡᠪᠡᠷ ᠡᠨᠧᠷᠬᠢ᠂ ᠮᠠᠯᠵᠢᠬᠤ ᠤᠷᠤᠨ ᠢ ᠬᠦᠭᠵᠢᠬᠦᠯᠦᠨ ᠮᠠᠨᠳᠤᠭᠤᠯᠬᠤ᠂ ᠠᠮᠢ ᠠᠬᠤᠢ ᠶᠢᠨ ᠬᠠᠮᠠᠭᠠᠯᠠᠯᠲᠠ᠂ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠬᠤ ᠪᠣᠯᠤᠨ᠎ᠠ᠃      ᠬᠤᠰᠢᠭᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠭᠤᠣᠯᠳᠠᠯᠭ᠎ᠠ ᠲᠠᠢ ᠲᠦᠷᠦᠯ ᠵᠦᠢᠯ ᠤᠨ ᠬᠠᠷᠢᠭᠤᠴᠠᠯᠭᠠᠲᠠᠨ ᠪᠠ ᠠᠵᠢᠯᠳᠠᠨ ᠤ ᠲᠦᠯᠦᠭᠡᠯᠡᠭᠴᠢ ᠵᠢᠴᠢ ᠪᠠᠷᠢᠯᠭ᠎ᠠ ᠶᠢᠨ ᠨᠢᠭᠡᠴᠡ ᠶᠢᠨ ᠲᠦᠯᠦᠭᠡᠯᠡᠭᠴᠢ ᠪᠠᠷᠢᠯᠭ᠎ᠠ ᠡᠬᠢᠯᠡᠬᠦ ᠶᠤᠰᠣᠯᠠᠯ ᠳᠤ ᠤᠷᠤᠯᠴᠠᠵᠠᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号