ᠨᠠᠰᠤᠨᠪᠠᠲᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 17᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ︽ᠬᠡᠤᠬᠡᠳ ᠪᠠ ᠮᠣᠷᠢ︾ ᠭᠤᠤᠯ ᠰᠡᠳᠦᠪᠲᠦ ᠰᠣᠶᠣᠯ ᠤᠨ ᠬᠦᠷᠢᠶᠡᠯᠡᠩ᠂ ᠬᠠᠷᠠᠨᠠᠭᠤᠷ ᠴᠡᠴᠡᠷᠯᠢᠭ ᠤᠨ ᠪᠦᠯᠬᠦᠮᠳᠡᠯ ᠠᠭᠤᠳᠠᠮ ᠲᠠᠯᠠᠪᠠᠶ᠂ ᠬᠡᠷ ᠲᠡᠭᠡᠨ ᠰᠠᠭᠤᠬᠤ ᠬᠡᠯᠪᠡᠷᠢ ᠶᠢᠨ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠵᠢᠯᠣᠭᠤᠳᠪᠠ᠃      ᠨᠠᠰᠤᠨᠪᠠᠲᠤ ᠴᠢᠬᠤᠯᠠᠴᠢᠯᠠᠭᠰᠠᠨ ᠨᠢ᠂ ᠪᠥᠬᠦ ᠠᠶᠢᠮᠠᠭ ᠤᠨ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠲᠣᠭᠲᠠᠭᠠᠵᠤ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠦᠨ ᠡᠵᠡᠩᠨᠡᠬᠦ᠂ ᠥᠨᠳᠥᠷ ᠬᠢᠷᠢ ᠲᠦᠪᠰᠢᠨ ᠪᠥᠬᠦᠶ ᠢᠵᠢ ᠪᠦᠷᠢᠳᠦᠭᠰᠡᠨ ᠠᠵᠤ ᠦᠢᠯᠡᠰ᠂ ᠥᠨᠳᠥᠷ ᠪᠠᠷᠢᠮᠵᠢᠶ᠎ᠠ ᠪᠠᠷ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ︽ᠬᠡᠤᠬᠡᠳ ᠪᠠ ᠮᠣᠷᠢ︾ ᠭᠤᠤᠯ ᠰᠡᠳᠦᠪᠲᠦ ᠰᠣᠶᠣᠯ ᠤᠨ ᠬᠦᠷᠢᠶᠡᠯᠡᠩ ᠢ ᠪᠥᠬᠦ ᠠᠶᠢᠮᠠᠭ ᠤᠨ ︽pony︾ ᠮᠣᠷᠢ ᠶᠢ ᠪᠤᠶᠢᠵᠢᠭᠤᠯᠬᠤ ᠰᠠᠭᠤᠷᠢᠨ ᠭᠠᠵᠠᠷ ᠪᠣᠯᠭᠠᠬᠤ ᠪᠠᠷ ᠴᠢᠷᠮᠠᠶᠢᠬᠤ ᠬᠡᠷᠡᠭᠲᠡᠶ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠤᠬᠠᠭᠤᠯᠭ᠎ᠠ ᠬᠥᠮᠦᠵᠢᠯ᠂ ᠰᠣᠶᠣᠯ ᠤᠨ ᠦᠵᠡᠭᠦᠯᠦᠯᠭᠡ᠂ ᠤᠳᠬ᠎ᠠ ᠤᠷᠠᠯᠢᠭ ᠤᠨ ᠠᠵᠢᠯᠯᠠᠭ᠎ᠠ᠂ ᠰᠡᠯᠡᠭᠦᠴᠡᠨ ᠵᠤᠭᠠᠴᠠᠨ ᠠᠮᠠᠷᠠᠬᠤ ᠵᠡᠷᠭᠡ ᠶᠡᠷᠦᠩᠬᠡᠶᠢᠯᠡᠭᠰᠡᠨ ᠴᠢᠳᠠᠮᠵᠢ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠪᠦᠯᠬᠦᠮᠳᠡᠯ ᠲᠠᠯᠠᠪᠠᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ︔ ᠭᠡᠷ ᠲᠡᠭᠡᠨ ᠰᠠᠭᠤᠬᠤ ᠬᠡᠯᠪᠡᠷᠢ ᠶᠢᠨ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠶᠠᠰᠤ ᠴᠢᠨᠠᠷ ᠤᠨ ᠠᠮᠤᠷ ᠲᠦᠪᠰᠢᠨ ᠢ ᠴᠢᠩᠳᠠᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠨᠠᠰᠤᠲᠠᠶᠢᠴᠤᠳ ᠤᠨ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠬᠤ ᠬᠡᠷᠡᠭᠲᠡᠶ︔ ᠲᠡᠭᠡᠲᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠷ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠠᠵᠤ ᠠᠬᠤᠶᠢᠯᠠᠯ ᠤᠨ ᠠᠮᠤᠷ ᠲᠦᠪᠰᠢᠨ ᠢ ᠠᠳᠬᠤᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠥᠬᠡᠶ ᠴᠢᠩᠭᠠᠳᠬᠠᠨ᠂ ᠡᠵᠡᠩᠨᠡᠯᠲᠡ ᠬᠠᠮᠢᠶᠠᠷᠤᠯᠲᠠ ᠶᠢ ᠦᠷᠭᠦᠯᠵᠢᠯᠡᠨ ᠵᠢᠷᠤᠮᠵᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠶ᠃      ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠵᠡᠷᠭᠡ ᠰᠠᠯᠠᠭ᠎ᠠ ᠮᠥᠴᠢᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号