ᠠᠪᠠᠭ᠎ᠠ ᠬᠤᠰᠢᠭᠤ 2024 ᠣᠨ ᠤ ᠰᠣᠨᠢᠨ ᠮᠡᠳᠡᠭᠡ ᠭᠠᠳᠠᠭᠠᠳᠤ ᠤᠬᠠᠭᠤᠯᠭ᠎ᠠ ᠶᠢᠨ ᠠᠵᠢᠯ ᠤᠨ ᠬᠤᠷᠠᠯ ᠵᠢᠴᠢ ᠴᠢᠮᠡᠭᠡᠯᠡᠭᠴᠢ᠂ ᠰᠦᠯᠵᠢᠶᠡᠨ ᠤ ᠬᠢᠨᠠᠭᠴᠢ ᠪᠠ ᠰᠦᠯᠵᠢᠶᠡᠨ ᠤ ᠠᠮᠤᠷ ᠲᠦᠪᠰᠢᠨ ᠤ ᠠᠵᠢᠯᠲᠠᠨ ᠤ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 17᠎ ᠤ ᠡᠳᠦᠷ᠂ ᠠᠪᠠᠭ᠎ᠠ ᠬᠤᠰᠢᠭᠤ 2024 ᠣᠨ ᠤ ᠰᠣᠨᠢᠨ ᠮᠡᠳᠡᠭᠡ ᠭᠠᠳᠠᠭᠠᠳᠤ ᠤᠬᠠᠭᠤᠯᠭ᠎ᠠ ᠶᠢᠨ ᠠᠵᠢᠯ ᠤᠨ ᠬᠤᠷᠠᠯ ᠵᠢᠴᠢ ᠴᠢᠮᠡᠭᠡᠯᠡᠭᠴᠢ᠂ ᠰᠦᠯᠵᠢᠶᠡᠨ ᠤ ᠦᠨᠡᠯᠡᠭᠴᠢ ᠪᠠ ᠰᠦᠯᠵᠢᠶᠡᠨ ᠤ ᠠᠮᠤᠷ ᠲᠦᠪᠰᠢᠨ ᠤ ᠠᠵᠢᠯᠲᠠᠨ ᠤ ᠪᠣᠯᠪᠠᠰᠤᠷᠠᠯ ᠤᠨ ᠠᠩᠭᠢ ᠬᠤᠷᠠᠯᠳᠤᠭᠤᠯᠵᠤ᠂ 2023 ᠣᠨ ᠤ ᠰᠣᠨᠢᠨ ᠮᠡᠳᠡᠭᠡ ᠭᠠᠳᠠᠭᠠᠳᠤ ᠤᠬᠠᠭᠤᠯᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠡᠷᠭᠢᠴᠡᠭᠦᠯᠦᠨ ᠳ᠋ᠦᠩᠨᠡᠵᠦ᠂ 2024 ᠣᠨ ᠤ ᠰᠣᠨᠢᠨ ᠮᠡᠳᠡᠭᠡ ᠭᠠᠳᠠᠭᠠᠳᠤ ᠤᠬᠠᠭᠤᠯᠭ᠎ᠠ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠠᠩᠴᠣᠭᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ᠳᠤᠮᠳᠠᠳᠤ ᠮᠣᠩᠭᠤᠯ᠂ ᠳᠤᠮᠳᠠᠳᠤ ᠤᠷᠤᠰ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠤᠨ᠎ᠠ᠂ ᠮᠥᠨᠴᠦ ᠥᠪᠡᠷᠲᠡᠭᠡᠨ ᠵᠠᠰᠠᠬᠤ ᠣᠷᠣᠨ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠶᠢ ᠡᠭᠦᠳᠴᠦ᠂ ᠳᠣᠮᠳᠠ ᠡᠩᠨᠡᠭᠡᠨ ᠳᠤ ᠤᠷᠤᠬᠤ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠵᠣᠷᠢᠭᠲᠠᠶ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ︽ᠠᠵᠠ ᠬᠡᠶᠢᠮᠦᠷᠢᠲᠦ ᠠᠪᠠᠭ᠎ᠠ︾᠎ ᠶᠢᠨ ᠰᠣᠶᠣᠯ ᠵᠢᠭᠤᠯᠴᠢᠯᠠᠯ ᠤᠨ ᠳᠦᠷᠢ ᠲᠥᠷᠬᠦ ᠶᠢ ᠱᠣᠭᠤᠵᠤ᠂ ᠠᠪᠠᠭ᠎ᠠ ᠬᠤᠰᠢᠭᠤᠨ ᠤ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠪᠡ᠃      ᠬᠤᠷᠠᠯ ᠠᠴᠠ᠂ ᠲᠥᠪ ᠶᠣᠰᠣ᠂ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠨ ᠬᠡᠯᠪᠡᠷᠢ ᠤᠯᠠᠨ ᠠᠷᠭ᠎ᠠ ᠵᠠᠮ ᠢᠶᠠᠷ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ᠂ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠰᠠᠶᠢᠲᠤᠷ ᠪᠡᠶᠡᠯᠡᠭᠦᠯᠬᠦ ᠬᠡᠷᠡᠭᠲᠡᠢ᠃ ᠴᠢᠬᠤᠯᠠ ᠶᠡᠭᠡ ᠭᠤᠤᠯ ᠰᠡᠳᠦᠪᠲᠦ ᠤᠬᠠᠭᠤᠯᠭ᠎ᠠ ᠮᠡᠳᠡᠭᠡᠯᠡᠯ ᠢ ᠰᠠᠶᠢᠲᠤᠷ ᠬᠢᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠵᠠᠭᠤᠴᠢᠯᠠᠭᠤᠷ ᠯᠤᠭ᠎ᠠ ᠶᠢᠨ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠣᠨᠢᠨ ᠮᠡᠳᠡᠭᠡ ᠭᠠᠳᠠᠭᠠᠳᠤ ᠤᠬᠠᠭᠤᠯᠭ᠎ᠠ ᠶᠢᠨ ᠠᠵᠢᠯ ᠤᠨ ᠶᠠᠰᠤ ᠴᠢᠨᠠᠷ ᠤᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠬᠠᠮ ᠵᠠᠭᠤᠴᠢᠯᠠᠭᠤᠷ ᠤᠨ ᠲᠥᠪ ᠤᠨ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠬᠤᠰᠢᠭᠤ ᠪᠠᠷ ᠢᠶᠠᠨ ᠥᠷᠭᠡᠨ ᠢᠶᠠᠷ ᠣᠷᠣᠯᠴᠠᠵᠤ᠂ ᠰᠡᠳᠬᠢᠯ ᠨᠢᠭᠡᠳᠦᠨ ᠶᠡᠭᠡ ᠤᠬᠠᠭᠤᠯᠭ᠎ᠠ ᠶᠢᠨ ᠲᠠᠪᠴᠠᠩ ᠢ ᠪᠠᠶᠢᠭᠤᠯᠵᠤ᠂ ᠰᠣᠨᠢᠨ ᠮᠡᠳᠡᠭᠡᠨ ᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠰᠣᠨᠢᠨ ᠮᠡᠳᠡᠭᠡ ᠤᠬᠠᠭᠤᠯᠭ᠎ᠠ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠰᠦᠯᠵᠢᠶᠡᠨ ᠤ ᠣᠳᠣᠨ︾ ᠬᠤᠪᠢ ᠶᠢᠨ ᠵᠠᠭᠤᠴᠢᠯᠠᠭᠤᠷ ᠤᠨ ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠶᠠᠷᠢᠶ᠎ᠠ ᠬᠡᠯᠡᠯᠴᠡᠭᠡᠨ ᠤ ᠳᠡᠮᠵᠢᠯᠭᠡ ᠬᠠᠩᠭᠠᠬᠤ ᠪᠠᠷ ᠴᠢᠷᠮᠠᠶᠢᠬᠤ ᠬᠡᠷᠡᠭᠲᠡᠶ᠃      ᠬᠤᠷᠠᠯ ᠤᠨ ᠡᠴᠦᠰ ᠲᠤ᠂ ᠠᠶᠢᠮᠠᠭ ᠤᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠮᠡᠷᠭᠡᠵᠢᠯ ᠤᠨ ᠰᠠᠯᠠᠭᠠᠨ ᠤ ᠳᠠᠷᠤᠭ᠎ᠠ ᠡᠷᠬᠢᠮ᠂ ᠬᠤᠰᠢᠭᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠤᠨ ᠡᠷᠬᠢᠯᠡᠭᠴᠢ ᠯᠢ ᠬᠠᠶ ᠰᠢᠶᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶᠠᠨ ᠤ ᠰᠢᠯᠢ ᠶᠢᠨ ᠭᠤᠤᠯ ᠳᠤ ᠰᠠᠭᠤᠭ᠎ᠠ ᠰᠤᠷᠪᠤᠯᠵᠢᠯᠠᠭᠴᠢ ᠶᠢᠨ ᠥᠷᠲᠡᠭᠡ ᠶᠢᠨ ᠳᠠᠷᠤᠭ᠎ᠠ ᠪᠠᠶᠠᠰᠬᠤᠯᠠᠩ ᠲᠣᠰ ᠲᠣᠰ ᠰᠦᠯᠵᠢᠶᠡᠨ ᠤ ᠠᠮᠤᠷ ᠲᠦᠪᠰᠢᠨ᠂ ᠰᠦᠯᠵᠢᠶᠡᠨ ᠤ ᠦᠨᠡᠯᠡᠯᠲᠡ᠂ ᠰᠣᠨᠢᠨ ᠮᠡᠳᠡᠭᠡᠨ ᠤ ᠵᠣᠬᠢᠶᠠᠯ ᠪᠢᠴᠢᠬᠦ ᠵᠡᠷᠭᠡ ᠠᠭᠤᠯᠭ᠎ᠠ ᠶᠢᠨ ᠲᠣᠭᠤᠷᠢᠨ ᠳᠤ ᠨᠢᠭᠡ ᠡᠳᠦᠷ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠪᠡ᠃      ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠬᠠᠭᠤᠯᠬᠤ ᠭᠡᠰᠢᠭᠦᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠪᠥᠬᠦ ᠬᠤᠰᠢᠭᠤᠨ ᠤ ᠴᠢᠮᠡᠭᠡᠯᠡᠭᠴᠢ᠂ ᠰᠦᠯᠵᠢᠶᠡᠨ ᠤ ᠰᠢᠯᠭᠠᠷᠠᠭᠤᠯᠤᠭᠴᠢ᠂ ᠰᠦᠯᠵᠢᠶᠡᠨ ᠤ ᠠᠮᠤᠷ ᠲᠦᠪᠰᠢᠨ ᠤ ᠠᠵᠢᠯᠲᠠᠳ ᠬᠤᠷᠠᠯ ᠳᠤ ᠣᠷᠣᠯᠴᠠᠵᠠᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号