ᠨᠠᠰᠤᠨᠪᠠᠲᠤ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠳᠤ ᠬᠦᠷᠴᠦ ᠲᠤᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 18᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠡᠨᠧᠷᠭᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠳᠤ ᠬᠦᠷᠴᠦ ᠰᠢᠨᠵᠢᠯᠡᠨ ᠲᠤᠭᠤᠷᠢᠨ ᠰᠤᠷᠤᠯᠴᠠᠵᠤ᠂ ᠬᠠᠮᠲᠤᠷᠠᠯᠴᠠᠭ᠎ᠠ ᠬᠢᠪᠠ᠃      ᠨᠠᠰᠤᠨᠪᠠᠲᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠢᠯᠡᠳᠬᠦᠨ ᠤ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠥᠷᠭᠡᠳᠬᠡᠯ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠤᠢᠢᠯᠠᠭᠠᠭᠰᠠᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠮᠲᠤᠷᠠᠯᠴᠠᠭᠠᠨ ᠤ ᠰᠢᠨ᠎ᠡ ᠵᠠᠮ ᠢ ᠡᠷᠢᠯᠬᠢᠯᠡᠪᠡ᠃ ᠲᠡᠷᠡ ᠢᠯᠡᠷᠬᠡᠶᠢᠯᠡᠬᠦ ᠳᠡᠭᠡᠨ᠂ ᠣᠳᠣᠬᠠᠨ ᠳᠤ ᠠᠪᠠᠭ᠎ᠠ ᠬᠤᠰᠢᠭᠤ ᠨᠢ ᠶᠠᠭ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠭᠠᠵᠠᠷ ᠣᠷᠣᠨ ᠤ ᠤᠨᠴᠠᠯᠢᠭᠳᠤ ᠨᠥᠬᠦᠴᠡᠯ ᠪᠠ ᠳᠠᠪᠠᠭᠤᠯᠢᠭ ᠳᠤ ᠪᠠᠨ ᠲᠦᠰᠢᠭᠯᠡᠨ᠂ ᠰᠢᠨ᠎ᠡ ᠡᠨᠧᠷᠭᠢ᠂ ᠨᠡᠭᠦᠷᠡᠰᠦ᠂ ᠴᠠᠬᠢᠯᠭᠠᠨ ᠬᠦᠴᠦᠨ ᠵᠡᠷᠭᠡ ᠳᠠᠪᠠᠭᠤᠯᠢᠭ ᠤᠨᠴᠠᠯᠢᠭᠳᠤ ᠠᠵᠤ ᠦᠢᠯᠡᠰ ᠢ ᠪᠥᠬᠦ ᠬᠦᠴᠦᠨ ᠢᠶᠠᠷ ᠢᠶᠠᠨ ᠴᠣᠭᠴᠠᠯᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠬᠠᠮᠲᠤ ᠪᠠᠷ ᠡᠵᠡᠮᠳᠡᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠪᠣᠬᠢᠷᠲᠤᠯ ᠦᠭᠡᠢ ᠴᠠᠬᠢᠯᠭᠠᠨ ᠤ ᠠᠵᠤ ᠦᠢᠯᠡᠰ ᠤᠨ ᠬᠡᠯᠬᠢᠶᠠᠵᠢᠯ ᠢ ᠤᠷᠲᠤᠳᠬᠠᠬᠤ᠂ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠵᠦ ᠬᠡᠷᠡᠭᠯᠡᠬᠦ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠨᠢᠭᠡ ᠪᠦᠯᠦᠭ ᠰᠢᠨ᠎ᠡ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠬᠠᠮᠲᠤ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠠᠵᠤ ᠠᠬᠤᠶᠢᠯᠠᠯ ᠤᠨ ᠠᠪᠠᠭ᠎ᠠ ᠬᠤᠰᠢᠭᠤᠨ ᠳᠤ ᠢᠷᠡᠵᠦ ᠪᠠᠯᠠ ᠣᠷᠣᠭᠤᠯᠤᠯᠲᠠ ᠬᠢᠵᠦ᠂ ᠰᠢᠨᠵᠢᠯᠡᠨ ᠪᠠᠶᠢᠴᠠᠭᠠᠬᠤ ᠶᠢ ᠴᠢᠩ ᠰᠡᠳᠬᠢᠯ ᠠᠴᠠ ᠪᠠᠨ ᠤᠷᠢᠵᠤ᠂ ᠠᠪᠠᠭ᠎ᠠ ᠬᠤᠰᠢᠭᠤᠨ ᠤ ᠬᠢᠨ ᠬᠠᠮᠤᠭ ᠤᠨ ᠦᠨᠡᠨᠴᠢ ᠰᠡᠳᠬᠢᠯ᠂ ᠬᠠᠮᠤᠭ ᠤᠨ ᠪᠣᠳᠠᠲᠠᠶ ᠠᠷᠭ᠎ᠠ ᠬᠡᠮᠵᠢᠶ᠎ᠡ᠂ ᠬᠠᠮᠤᠭ ᠤᠨ ᠰᠢᠯᠢᠳᠡᠭ ᠪᠠᠲᠤᠯᠠᠭ᠎ᠠ ᠪᠠᠷ ᠪᠥᠬᠦ ᠬᠦᠴᠦᠨ ᠵᠦᠢᠯ᠂ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯᠲᠠᠨ ᠢ ᠦᠨᠡᠨ ᠬᠦ ᠰᠠᠨᠠᠭ᠎ᠠ ᠠᠮᠤᠷ ᠪᠠᠯᠠ ᠣᠷᠣᠭᠤᠯᠵᠤ᠂ ᠰᠠᠨᠠᠭ᠎ᠠ ᠠᠮᠤᠷ ᠦᠢᠯᠡᠰ ᠪᠤᠰᠬᠠᠵᠤ᠂ ᠲᠠᠭᠠᠯᠠᠮᠵᠢᠲᠠᠶ ᠬᠥᠭᠵᠢᠭᠦᠯᠦᠨ᠎ᠡ ᠭᠡᠵᠡᠢ᠃      ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠠᠪᠠᠭ᠎ᠠ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠰᠠᠶᠢᠨ᠂ ᠰᠠᠭᠤᠷᠢ ᠪᠠᠲᠤ ᠪᠠᠬᠢ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠴᠢᠭᠯᠡᠯ ᠳᠤ ᠨᠡᠶᠢᠴᠡᠵᠦ᠂ ᠣᠶᠢᠷ᠎ᠠ ᠶᠢᠨ ᠬᠤᠭᠤᠴᠠᠭᠠᠨ ᠳᠤ ᠠᠵᠢᠯᠲᠠᠨ ᠢᠶᠠᠨ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠵᠣᠯᠭᠠᠭᠤᠯᠵᠤ᠂ ᠪᠣᠳᠠᠲᠠᠶ ᠬᠠᠮᠲᠤᠷᠠᠯᠴᠠᠭᠠᠨ ᠤ ᠠᠷᠭ᠎ᠠ ᠬᠡᠯᠪᠡᠷᠢ ᠶᠢ ᠬᠠᠮᠲᠤ ᠪᠠᠷ ᠰᠦᠪᠡᠭᠴᠢᠯᠡᠵᠦ᠂ ᠬᠠᠮᠳᠤᠷᠠᠯᠴᠠᠭ᠎ᠠ ᠪᠠᠨ ᠪᠣᠳᠠᠲᠠᠶ ᠲᠥᠷᠥᠯ ᠵᠦᠢᠯ ᠪᠣᠯᠭᠠᠨ᠎ᠠ ᠭᠡᠵᠡᠶ᠃      ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠵᠠᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号