4 ᠰᠠᠷ᠎ᠠ ᠶᠢᠨ 18 ᠤ ᠡᠳᠦᠷ᠂ ᠠᠪᠠᠭ᠎ᠠ ᠬᠤᠰᠢᠭᠤᠨ ᠤ 2024 ᠣᠨ ᠤ ᠴᠢᠨᠠᠷ ᠰᠠᠶᠢᠲᠠᠢ | ᠬᠦᠭᠵᠢᠯᠲᠡ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠡᠬᠢᠯᠡᠬᠦ ᠶᠤᠰᠤᠯᠠᠯ ᠪᠡᠯᠭᠦᠳᠡᠢ ᠳ᠋ᠠ ᠬᠠᠩ 200 | ᠰᠠᠶ᠎ᠠ ᠸᠠᠲ / ᠴᠠᠭ ᠤᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠠᠬᠤᠢ ᠲᠠᠯᠠᠪᠠᠢ ᠳᠤ ᠶᠠᠪᠤᠭᠳᠠᠯ᠎ᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠶᠠᠷᠢᠶ᠎ᠠ ᠲᠠᠯᠪᠢᠵᠤ᠂ | ᠲᠦᠷᠦᠯ ᠵᠦᠢᠯ ᠤᠨ ᠪᠠᠷᠢᠯᠭ᠎ᠠ ᠡᠬᠢᠯᠡᠭᠰᠡᠨ ᠢ ᠵᠠᠷᠯᠠᠪᠠ᠃ | ᠳ᠋ᠠ ᠬᠠᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠺᠠᠢ᠂ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠤᠨ ᠤ ᠪᠠᠶᠢᠩᠭᠤ ᠶᠢᠨ ᠬᠤᠰᠢᠭᠤ | ᠳᠡᠳ᠋ ᠳᠠᠷᠤᠭ᠎ᠠ ᠭᠧ ᠶᠥᠩ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ | ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠷᠧᠨ ᠬᠤᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠡᠷᠬᠢᠮᠲᠦ᠂ ᠵᠠᠰᠠᠭ ᠤᠨ ᠣᠷᠳᠤᠨ ᠤ ᠬᠤᠰᠢᠭᠤ ᠳᠡᠳ᠋ ᠳᠠᠷᠤᠭ᠎ᠠ ᠯᠢ | ᠵᠢᠶᠦ᠋ᠨ᠂ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠸᠠᠩ ᠸᠠᠨ ᠶᠢᠨ ᠨᠠᠷ ᠶᠤᠰᠤᠯᠠᠯ ᠳᠤ | ᠤᠷᠤᠯᠴᠠᠪᠠ᠃ | ᠨᠠᠰᠤᠨᠪᠠᠲᠤ ᠶᠠᠷᠢᠶᠠᠨ ᠳᠤ ᠪᠠᠨ᠂ ᠲᠤᠰ ᠣᠳᠠᠭᠠᠨ ᠤ ᠲᠦᠪᠯᠡᠷᠡᠭᠦᠯᠦᠨ ᠪᠠᠷᠢᠯᠭ᠎ᠠ ᠡᠬᠢᠯᠡᠭᠦᠯᠦᠭᠰᠡᠨ ᠨᠢ | ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠡᠯᠡ ᠤᠷᠤᠭᠤᠯᠤᠯᠲᠠ ᠶᠢ ᠪᠦᠬᠦ ᠬᠦᠴᠦᠨ ᠢᠶᠠᠷ ᠢᠶᠠᠨ | ᠠᠳᠬᠤᠬᠤ᠂ ᠲᠦᠷᠦᠯ ᠵᠦᠢᠯ ᠢ ᠬᠡᠷᠡᠭᠵᠢᠭᠦᠯᠬᠦ᠂ ᠠᠵᠤ ᠦᠢᠯᠡᠰ ᠢ ᠰᠢᠯᠢᠳᠡᠭᠵᠢᠭᠦᠯᠬᠦ᠂ ᠨᠡᠮᠡᠭᠳᠡᠯ ᠢ | ᠲᠤᠭᠲᠠᠪᠤᠷᠢᠵᠢᠭᠤᠯᠬᠤ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠤᠳᠠᠳᠠᠢ | ᠦᠢᠯᠡᠳᠦᠯᠭᠡ ᠪᠣᠯᠣᠨ᠎ᠠ᠂ ᠨᠡᠩ ᠴᠦ ︽ᠬᠤᠶᠠᠷ ᠶᠡᠭᠡ ᠶᠠᠪᠤᠳᠠᠯ︾ ᠶᠢ ᠰᠠᠶᠢᠳᠤᠷ ᠬᠢᠵᠦ᠂ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠵᠦ᠂ ︽ᠰᠢᠨ᠎ᠡ ᠵᠠᠮ ᠢ ᠡᠷᠢᠯᠬᠢᠯᠡᠵᠦ᠂ ᠳᠤᠮᠳᠠ ᠡᠩᠨᠡᠭᠡᠨ ᠳᠤ ᠤᠷᠤᠬᠤ︾ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠦᠴᠦᠲᠡᠢ ᠠᠷᠭ᠎ᠠ ᠬᠡᠮᠵᠢᠶ᠎ᠡ ᠪᠤᠯᠤᠨ᠎ᠠ᠃ ᠣᠳᠣᠬᠠᠨ ᠳᠤ | ᠨᠢᠭᠡᠨᠲᠡ ᠲᠦᠷᠦᠯ ᠵᠦᠢᠯ ᠤᠨ ᠪᠠᠷᠢᠯᠭ᠎ᠠ ᠶᠢᠨ ᠱᠠᠳᠤᠨ ᠳᠤ ᠵᠢᠩᠬᠢᠨᠢ ᠪᠠᠷ ᠤᠷᠤᠭᠰᠠᠨ ᠪᠣᠯᠬᠤᠷ ᠡᠯ᠎ᠡ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠳ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠭᠦᠢᠴᠡᠳᠭᠡᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠪᠣᠰᠣᠳ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠢᠶᠠᠨ ᠡᠬᠢᠯᠡᠭᠦᠯᠬᠦ ᠪᠠ | ᠰᠡᠷᠭᠦᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠰᠢᠨᠵᠢᠯᠡᠬᠦ ᠣᠬᠠᠭᠠᠨ ᠢᠶᠠᠷ ᠠᠷᠭ᠎ᠠ ᠰᠦᠪᠡᠭᠴᠢᠯᠡᠨ ᠨᠢᠭᠡ ᠪᠦᠯᠦᠭ | ᠲᠤᠮᠤ ᠲᠦᠷᠦᠯ ᠵᠦᠢᠯ ᠢ ᠨᠦᠬᠡᠴᠡᠯᠡᠵᠦ᠂ ᠨᠡᠩ ᠣᠯᠠᠨ ᠲᠦᠷᠦᠯ ᠵᠦᠢᠯ ᠢ ᠤᠯᠤᠰ᠂ ᠦᠪᠡᠷᠲᠡᠭᠡᠨ ᠵᠠᠰᠠᠬᠤ | ᠤᠷᠤᠨ ᠤ ︽ᠲᠤᠮᠤ ᠲᠦᠷᠦᠯ ᠵᠦᠢᠯ︾ ᠲᠤ ᠤᠷᠤᠭᠤᠯᠬᠤ ᠪᠠᠷ ᠴᠢᠷᠮᠠᠶᠢᠬᠤ ᠬᠡᠷᠡᠭᠲᠡᠢ᠃ ᠤᠨᠢᠨ ᠲᠡᠭᠡᠷ᠎ᠡ ᠨᠢ | ᠠᠷᠠᠯᠵᠢᠶᠠᠴᠢᠨ ᠣᠷᠢᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠴᠦᠨ ᠵᠦᠢᠯ ᠤᠨ | ᠪᠠᠲᠤᠯᠠᠭ᠎ᠠ ᠶᠢ ᠴᠢᠩᠭᠠᠷᠠᠭᠤᠯᠤᠨ᠂ ᠨᠡᠩ ᠣᠯᠠᠨ ᠴᠢᠨᠠᠷ ᠰᠠᠶᠢᠲᠠᠢ ᠲᠦᠷᠦᠯ ᠵᠦᠢᠯ ᠢ ᠠᠪᠠᠭ᠎ᠠ ᠬᠤᠰᠢᠭᠤᠨ ᠳᠤ | ᠨᠣᠳᠣᠭᠰᠢᠭᠤᠯᠬᠤ ᠪᠠᠷ ᠴᠢᠷᠮᠠᠶᠢᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠳᠤᠷ ᠬᠡᠷᠡᠭᠵᠢᠬᠦᠯᠵᠦ᠂ | ᠨᠡᠩ ᠴᠢᠨᠠᠷ ᠰᠠᠶᠢᠲᠠᠢ᠂ ᠦᠨᠳᠦᠷ ᠪᠦᠳᠦᠮᠵᠢᠲᠡᠢ᠂ ᠦᠨᠡᠨᠴᠢ ᠢᠲᠡᠭᠡᠮᠵᠢ ᠲᠠᠢ ᠦᠢᠯᠡᠴᠢᠯᠡᠭᠡ ᠪᠠᠷ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | ᠣᠶᠢᠯᠠᠭᠠᠭᠰᠠᠨ ᠢᠶᠠᠷ᠂ ᠲᠤᠰ ᠣᠳᠠᠭᠠᠨ ᠤ ᠲᠦᠪᠯᠡᠷᠡᠭᠦᠯᠦᠨ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ | 31 ᠭᠤᠣᠯᠳᠠᠯᠭ᠎ᠠ ᠲᠠᠢ ᠲᠦᠷᠦᠯ ᠵᠦᠢᠯ ᠤᠨ ᠲᠡᠭᠡᠷ᠎ᠡ ᠣᠷᠢᠳᠴᠢᠯᠠᠨ ᠠᠵᠢᠯ ᠢᠶᠠᠨ ᠡᠬᠢᠯᠡᠭᠦᠯᠦᠭᠰᠡᠨ ᠪᠠ | ᠰᠡᠷᠭᠦᠭᠡᠭᠰᠡᠨ 3 ᠭᠤᠣᠯᠳᠠᠯᠭ᠎ᠠ ᠲᠠᠢ ᠲᠦᠷᠦᠯ ᠵᠦᠢᠯ ᠢ ᠨᠡᠮᠡᠪᠡᠯ᠂ ᠶᠡᠷᠦᠩᠬᠡᠢ ᠪᠡᠯᠡ ᠤᠷᠤᠭᠤᠯᠤᠯᠲᠠ ᠨᠢ 40.6 | ᠳ᠋ᠦᠩᠰᠢᠭᠤᠷ ᠲᠦᠭᠦᠷᠢᠭ ᠲᠤ ᠬᠦᠷᠴᠦ᠂ ᠴᠡᠪᠡᠷ ᠡᠨᠧᠷᠬᠢ᠂ ᠮᠠᠯᠵᠢᠬᠤ ᠤᠷᠤᠨ ᠢ ᠬᠦᠭᠵᠢᠬᠦᠯᠦᠨ ᠮᠠᠨᠳᠤᠭᠤᠯᠬᠤ᠂ | ᠠᠮᠢ ᠠᠬᠤᠢ ᠶᠢᠨ ᠬᠠᠮᠠᠭᠠᠯᠠᠯᠲᠠ᠂ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠣᠯᠠᠨ ᠬᠦᠷᠢᠶ᠎ᠡ | ᠴᠠᠷᠠᠭ᠎ᠠ ᠶᠢ ᠬᠠᠮᠤᠷᠬᠤ ᠪᠣᠯᠤᠨ᠎ᠠ᠃ | ᠬᠤᠰᠢᠭᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠭᠤᠣᠯᠳᠠᠯᠭ᠎ᠠ ᠲᠠᠢ ᠲᠦᠷᠦᠯ | ᠵᠦᠢᠯ ᠤᠨ ᠬᠠᠷᠢᠭᠤᠴᠠᠯᠭᠠᠲᠠᠨ ᠪᠠ ᠠᠵᠢᠯᠳᠠᠨ ᠤ ᠲᠦᠯᠦᠭᠡᠯᠡᠭᠴᠢ ᠵᠢᠴᠢ ᠪᠠᠷᠢᠯᠭ᠎ᠠ ᠶᠢᠨ ᠨᠢᠭᠡᠴᠡ ᠶᠢᠨ | ᠲᠦᠯᠦᠭᠡᠯᠡᠭᠴᠢ ᠪᠠᠷᠢᠯᠭ᠎ᠠ ᠡᠬᠢᠯᠡᠬᠦ ᠶᠤᠰᠣᠯᠠᠯ ᠳᠤ ᠤᠷᠤᠯᠴᠠᠵᠠᠢ᠃ | |