ᠠᠪᠠᠭ᠎ᠠ ᠬᠤᠰᠢᠭᠤ 2024 ᠣᠨ ᠤ ᠪᠦᠬᠦ ᠬᠤᠰᠢᠭᠤᠨ ᠤ ᠠᠵᠢᠯᠲᠠᠨ ᠠᠵᠢᠯᠴᠢᠨ ᠤ ᠬᠠᠣᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2024/4/25
     4 ᠰᠠᠷ᠎ᠠ ᠶᠢᠨ 23᠎ ᠤ ᠡᠳᠦᠷ᠂ ᠠᠪᠠᠭ᠎ᠠ ᠬᠤᠰᠢᠭᠤᠨ ᠤ ᠠᠵᠢᠯᠴᠢᠨ ᠤ ᠶᠠᠷᠦᠩᠬᠡᠢ ᠡᠪᠯᠡᠯ ᠨᠢ ᠬᠠᠤᠯᠢ ᠴᠠᠭᠠᠵᠠ ᠶᠢᠨ ᠲᠤᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠎ ᠲᠠᠢ ᠬᠠᠮᠳᠤᠷᠠᠨ᠂ ︽ᠬᠦᠳᠡᠯᠮᠦᠷᠢ ᠪᠠᠷ ᠳᠤᠮᠳᠠᠳᠤ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠬᠠᠤᠯᠢᠵᠢᠯ ᠢᠶᠠᠷ ᠠᠵᠢᠯᠲᠠᠨ ᠠᠵᠢᠯᠴᠢᠨ ᠤ ᠰᠡᠳᠬᠢᠯ ᠢ ᠭᠡᠶᠢᠭᠦᠯᠦᠶ᠎ᠡ︾ ᠪᠦᠬᠦ ᠬᠤᠰᠢᠭᠤᠨ ᠤ ᠠᠵᠢᠯᠲᠠᠨ ᠠᠵᠢᠯᠴᠢᠨ ᠤ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠢ ᠡᠷᠬᠢᠯᠡᠪᠡ᠃      ᠲᠤᠰ ᠣᠳᠠᠭᠠᠨ ᠤ ᠮᠡᠳᠡᠯᠭᠡ ᠶᠢᠨ ᠣᠷᠣᠯᠳᠤᠭᠠᠨ ᠳᠤ 18 ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠲᠦᠯᠦᠭᠡᠯᠡᠭᠴᠢᠳ ᠤᠨ ᠠᠩᠭᠢ ᠤᠷᠤᠯᠴᠠᠵᠤ᠂ ᠤᠷᠤᠯᠳᠤᠭᠠᠨ ᠢ ᠪᠡᠯᠡᠳᠬᠡᠯ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠭᠡᠵᠦ ᠬᠤᠶᠠᠷ ᠱᠠᠳᠤ ᠬᠤᠪᠢᠶᠠᠨ ᠶᠠᠪᠤᠭᠳᠠᠭᠤᠯᠵᠠᠢ᠃ ᠬᠡᠯᠪᠡᠷᠢ ᠶᠢᠨ ᠬᠤᠪᠢ ᠳᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠲᠦᠭᠰᠢᠭᠦᠷᠢᠲᠦ ᠰᠡᠳᠦᠪ ᠵᠡᠷᠭᠡ ᠶᠢ  ᠳᠤᠬᠢᠷᠠᠭᠤᠯᠵᠤ᠂ ᠠᠭᠤᠯᠭ᠎ᠠ ᠶᠢᠨ ᠬᠤᠪᠢ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠦᠳᠡᠯᠮᠦᠷᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠦᠳᠡᠯᠮᠦᠷᠢ ᠶᠢᠨ ᠭᠡᠷ᠎ᠡ ᠶᠢᠨ ᠬᠠᠤᠯᠢ︾᠂ ︽ᠦᠪᠤᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠵᠤ ᠠᠬᠤᠶᠢᠯᠠᠯ ᠤᠨ ᠬᠠᠮᠲᠤ ᠶᠢᠨ ᠭᠡᠷ᠎ᠡ ᠶᠢᠨ ᠲᠦᠷᠢᠮ︾᠂ ︽ᠦᠪᠣᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠤ ᠠᠬᠤᠶᠢᠯᠠᠯ ᠤᠨ ᠴᠡᠯᠢᠩ ᠢ ᠬᠠᠮᠲᠤ ᠪᠠᠷ ᠵᠦᠪᠳᠡᠯᠴᠡᠬᠦ ᠲᠦᠷᠢᠮ︾᠂ ︽ᠦᠪᠤᠷ ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠂ ︽ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠢᠯᠴᠢᠨ ᠤ ᠡᠪᠯᠡᠯ ᠤᠨ ᠬᠦᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠦᠷᠢᠮ︾ ᠵᠡᠷᠭᠡ ᠬᠠᠤᠯᠢ ᠲᠤᠭᠲᠠᠭᠠᠯ ᠤᠨ ᠮᠡᠳᠡᠯᠭᠡ ᠶᠢ ᠬᠠᠮᠤᠷᠤᠭᠰᠠᠨ ᠪᠠᠶᠢᠨ᠎ᠠ᠃ ᠤᠷᠤᠯᠳᠤᠭᠠᠨ ᠳᠤ ᠤᠷᠤᠯᠴᠠᠭᠰᠠᠳ ᠯᠠᠪᠳᠠᠭᠤᠨ ᠲᠤᠭᠳᠠᠭᠤᠨ᠂ ᠨᠠᠷᠢᠨ ᠨᠢᠮᠪᠠᠢ ᠰᠡᠳᠬᠢᠵᠦ᠂ ᠬᠤᠷᠴᠠ ᠰᠡᠷᠭᠡᠭ ᠢᠶᠠᠷ ᠰᠡᠳᠦᠪ ᠢᠶᠠᠨ ᠬᠠᠷᠢᠭᠤᠯᠤᠨ᠂ ᠮᠡᠳᠡᠯᠭᠡ ᠰᠤᠷᠢᠯᠴᠠᠵᠤ᠂ ᠭᠠᠷ ᠤᠨ ᠬᠤᠷᠳᠤᠴᠠ ᠰᠢᠯᠭᠠᠨ᠂ ᠣᠷᠮ᠎ᠠ ᠵᠣᠷᠢᠭ ᠢᠶᠠᠨ ᠪᠠᠳᠠᠷᠠᠭᠤᠯᠵᠤ᠂ ᠤᠷᠤᠯᠳᠤᠭᠠᠨ ᠳᠤ ᠢᠯᠠᠬᠤ ᠪᠠᠷ ᠲᠡᠮᠡᠴᠡᠨ᠂ ᠯᠠᠪᠳᠠᠭᠤᠨ ᠪᠠᠲᠤᠳᠠᠢ ᠣᠨᠣᠯ ᠤᠨ ᠰᠠᠭᠤᠷᠢ ᠪᠠ ᠡᠯᠪᠡᠭ ᠪᠠᠶᠠᠯᠢᠭ ᠮᠡᠳᠡᠯᠭᠡ ᠶᠢᠨ ᠬᠤᠷᠠᠮᠳᠣᠯ ᠢᠶᠠᠨ ᠰᠢᠯᠭᠠᠵᠠᠭᠠᠯ᠎ᠠ᠃ᠬᠤᠷᠴᠠ ᠰᠢᠷᠦᠭᠦᠨ ᠦᠷᠢᠰᠦᠯᠳᠦᠭᠡᠨ ᠢᠶᠠᠷ ᠳᠠᠮᠵᠢᠨ᠂ ᠭᠤᠷᠴᠢ ᠠᠭᠤᠷᠬᠠᠢ ᠶᠢᠨ ᠲᠦᠯᠦᠭᠡᠯᠡᠭᠴᠢᠳ ᠤᠨ ᠠᠩᠭᠢ ᠨᠢᠭᠡᠳᠦᠭᠡᠷ ᠲᠡᠰ ᠲᠤ ᠲᠤᠳᠤᠷᠠᠵᠤ᠂ ᠵᠢᠢ ᠳ᠋ᠦᠩ ᠱᠦᠢᠨᠢ᠂ ᠰᠤᠷᠭᠠᠨ ᠬᠦᠮᠦᠵᠢᠯ ᠤᠨ ᠲᠤᠪᠴᠢᠶ᠎ᠠ ᠶᠢᠨ ᠲᠦᠯᠦᠭᠡᠯᠡᠭᠴᠢᠳ ᠤᠨ ᠠᠩᠭᠢ ᠬᠤᠶᠠᠳᠤᠭᠠᠷ ᠲᠡᠰ ᠲᠤ ᠲᠤᠳᠤᠷᠠᠨ᠂ ᠪᠠᠶᠠᠨᠳᠤᠭ ᠰᠣᠮᠣ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠦᠪ ᠤᠨ ᠲᠦᠯᠦᠭᠡᠯᠡᠭᠴᠢᠳ ᠤᠨ ᠠᠩᠭᠢ ᠭᠤᠷᠪᠠᠳᠤᠭᠠᠷ ᠲᠡᠰ ᠲᠤ ᠲᠤᠳᠤᠷᠠᠭᠰᠠᠨ ᠪᠠᠶᠢᠨ᠎ᠠ᠃      ᠲᠤᠰ ᠣᠳᠠᠭᠠᠨ ᠤ ᠤᠷᠤᠯᠳᠤᠭᠠᠨ ᠨᠢ ᠡᠯ᠎ᠡ ᠲᠦᠯᠦᠭᠡᠯᠡᠭᠴᠢᠳ ᠤᠨ ᠠᠩᠭᠢ ᠶᠢᠨ ᠮᠡᠳᠡᠯᠭᠡ ᠶᠢᠨ ᠬᠤᠷᠠᠮᠳᠣᠯ᠂ ᠬᠠᠤᠯᠢ ᠴᠠᠭᠠᠵᠠ ᠶᠢᠨ ᠦᠨᠳᠦᠰᠦᠨ ᠪᠣᠯᠪᠠᠰᠣᠷᠠᠯ ᠪᠠ ᠠᠷᠭᠠᠴᠠᠭᠠᠬᠤ ᠴᠢᠳᠠᠪᠤᠷᠢ ᠪᠤᠯᠤᠨ ᠰᠠᠶᠢᠨ ᠰᠠᠶᠢᠬᠠᠨ ᠤᠶᠤᠨ ᠰᠠᠨᠠᠭᠠᠨ ᠤ ᠲᠥᠷᠢ ᠲᠦᠷᠬᠦ ᠶᠢ ᠬᠠᠷᠠᠭᠤᠯᠵᠤ ᠴᠢᠳᠠᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号