ᠪᠠᠶᠠᠨᠴᠠᠭᠠᠨ ᠨᠡᠶᠢᠭᠡᠮ ᠲᠤᠭᠤᠷᠢᠭ ᠤᠨ ᠲᠤᠤᠷᠵᠢᠯ ᠤᠨ ᠠᠵᠢᠯᠲᠠᠨ ᠤ ᠨᠢᠭᠡ ᠡᠳᠦᠷ
ᠨᠡᠶᠢᠲᠡᠯᠡᠭᠰᠡᠨ ᠴᠠᠭ᠄
2024/4/29
     ᠪᠠᠶᠠᠨᠴᠠᠭᠠᠨ ᠨᠡᠶᠢᠭᠡᠮ ᠲᠤᠭᠤᠷᠢᠭ ᠲᠤ᠂ ᠨᠢᠭᠡ ᠪᠦᠯᠦᠭ ᠠᠵᠢᠯ ᠦᠢᠯᠡᠰ ᠲᠤ ᠪᠠᠨ ᠬᠢᠯᠠᠷᠠᠭᠤᠯᠵᠤ ᠶᠠᠪᠤᠭ᠎ᠠ ᠨᠡᠶᠢᠭᠡᠮ ᠲᠤᠭᠤᠷᠢᠭ ᠤᠨ ᠲᠤᠤᠷᠵᠢᠯ ᠤᠨ ᠠᠵᠢᠯᠳᠠᠳ ᠪᠠᠶᠢᠳᠠᠭ᠃ ᠲᠡᠳᠡᠨ ᠤ ᠠᠵᠢᠯ ᠢ ᠬᠠᠷᠠᠬᠤ ᠳᠤ ᠡᠭᠡᠯ ᠶᠡᠷᠦᠮᠳᠡᠭ ᠪᠣᠯᠪᠠᠴᠦ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠣᠯᠣᠨ ᠠᠮᠤᠷ ᠳᠦᠪᠰᠢᠨ ᠲᠠᠢ ᠰᠢᠭᠤᠳ ᠬᠤᠯᠪᠣᠭᠳᠠᠵᠤ ᠪᠠᠶᠢᠳᠠᠭ᠃ ᠦᠨᠦᠳᠦᠷ ᠪᠢᠳᠡ ᠨᠡᠶᠢᠭᠡᠮ ᠲᠤᠭᠤᠷᠢᠭ ᠤᠨ ᠨᠢᠭᠡᠨ ᠲᠤᠤᠷᠵᠢᠯ ᠤᠨ ᠠᠵᠢᠯᠳᠠᠨ ᠢ ᠳᠠᠭᠠᠵᠤ ᠲᠡᠭᠦᠨ ᠤ ᠡᠳᠦᠷ ᠲᠤᠳᠤᠮ ᠤᠨ ᠠᠵᠢᠯ ᠶᠠᠪᠤᠳᠠᠯ ᠢ ᠬᠠᠷᠠᠵᠠᠭᠠᠶ᠎ᠠ᠃      ᠨᠡᠶᠢᠭᠡᠮ ᠲᠤᠭᠤᠷᠢᠭ ᠤᠨ ᠲᠤᠤᠷᠵᠢᠯ ᠤᠨ ᠠᠵᠢᠯᠳᠠᠨ ᠤ ᠨᠢᠭᠡ ᠪᠣᠯᠬᠤ ᠷᠧᠨ ᠰᠢᠶᠣᠣ ᠯᠢᠠᠩ ᠥᠷᠯᠦᠭᠡ ᠡᠷᠲᠡᠯᠡᠨ ᠠᠯᠪᠠᠨ ᠭᠡᠷ ᠲᠡᠭᠡᠨ ᠢᠷᠡᠵᠦ᠂ ᠡᠳᠦᠷ ᠤᠨ ᠠᠵᠢᠯ ᠢᠶᠠᠨ ᠡᠬᠢᠯᠡᠭᠦᠯᠦᠯ᠎ᠡ᠃ ᠲᠡᠷᠡ ᠣᠷᠢᠳᠠᠪᠠᠷ ᠺᠤᠮᠫᠢᠦ᠋ᠲ᠋ᠧᠷ ᠢᠶᠠᠨ ᠨᠡᠭᠡᠭᠡᠵᠦ᠂ ᠦᠴᠦᠭᠡᠳᠦᠷ ᠤᠨ ᠲᠤᠭ᠎ᠠ ᠪᠠᠷᠢᠮᠲᠠ ᠴᠤᠭᠯᠠᠭᠤᠯᠤᠭᠰᠠᠨ ᠪᠠᠶᠢᠳᠠᠯ ᠢᠶᠠᠨ ᠦᠵᠡᠨ᠎ᠡ᠃ ᠦᠴᠦᠭᠡᠳᠦᠷ ᠲᠡᠷᠡ ᠬᠠᠮᠲᠤ ᠠᠵᠢᠯᠯᠠᠭᠰᠠᠳ ᠲᠠᠢ ᠪᠠᠨ ᠬᠠᠮᠲᠤ ᠡᠷᠦᠬᠡ ᠪᠠᠷ ᠭᠦᠨᠵᠡᠭᠡᠶᠢᠷᠡᠵᠦ᠂ ᠰᠠᠭᠤᠭᠠᠯᠢ ᠠᠷᠠᠳ ᠤᠨ ᠨᠡᠷ᠎ᠡ᠂ ᠨᠠᠰᠤ ᠵᠢᠯ᠂ ᠠᠵᠢᠯ ᠮᠡᠷᠭᠡᠵᠢᠯ᠂ ᠭᠡᠷ ᠪᠦᠯᠢ ᠶᠢᠨ ᠪᠦᠷᠢᠯᠳᠦᠭᠦᠨ ᠵᠡᠷᠭᠡ ᠶᠢ ᠪᠠᠭᠲᠠᠭᠠᠭᠰᠠᠨ ᠮᠡᠳᠡᠭᠡ ᠵᠠᠩᠭᠢ ᠶᠢ ᠪᠠᠰᠠ ᠨᠢᠭᠡ ᠣᠳᠠᠭ᠎ᠠ ᠬᠠᠷᠭᠤᠭᠤᠯᠵᠤ ᠠᠪᠴᠠᠢ᠃ ᠡᠳᠡᠭᠡᠷ ᠮᠡᠳᠡᠭᠡ ᠵᠠᠩᠭᠢ ᠶᠢ ᠨᠡᠶᠢᠭᠡᠮ ᠲᠤᠭᠤᠷᠢᠭ ᠤᠨ ᠲᠤᠭ᠎ᠠ ᠪᠠᠷᠢᠮᠲᠠ ᠶᠢᠨ ᠬᠦᠮᠦᠷᠭᠡ ᠳᠤ ᠤᠷᠤᠭᠤᠯᠵᠤ᠂ ᠨᠡᠶᠢᠭᠡᠮ ᠲᠤᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡ ᠳᠤ ᠯᠠᠪᠯᠠᠯᠲᠠ ᠪᠣᠯᠭᠠᠬᠤ ᠶᠤᠮ ᠪᠠᠶᠢᠨ᠎ᠠ᠃      ᠳᠡᠮᠡᠢ ᠣᠳᠠᠯ ᠦᠭᠡᠢ ᠷᠧᠨ ᠰᠢᠶᠣᠣ ᠯᠢᠠᠩ ᠨᠢᠭᠡ ᠣᠪᠣᠭ᠎ᠠ ᠮᠠᠲ᠋ᠧᠷᠢᠶᠠᠯ ᠢ ᠪᠤᠭᠴᠣᠨ ᠳᠠᠭᠠᠨ ᠬᠢᠵᠦ᠂ ᠲᠡᠮᠳᠡᠭᠯᠡᠯ ᠤᠨ ᠲᠡᠪᠳᠡᠷ ᠢᠶᠠᠨ ᠠᠪᠤᠭᠠᠳ ᠠᠯᠪᠠᠨ ᠭᠡᠷ ᠠᠴᠠ ᠪᠠᠨ ᠮᠠᠰᠢ ᠶᠠᠭᠠᠷᠠᠯᠳᠠᠶᠢᠬᠠᠨ ᠭᠠᠷᠴᠦ ᠶᠠᠪᠤᠭᠰᠠᠨ ᠨᠢ ᠰᠠᠭᠤᠭᠠᠯᠢ ᠠᠷᠠᠳ ᠤᠨ ᠭᠡᠷ ᠲᠤᠨᠢ ᠬᠦᠷᠴᠦ ᠵᠠᠷᠢᠮ ᠲᠤᠬᠠᠶᠢᠯᠠᠭᠰᠠᠨ ᠠᠵᠢᠯ ᠶᠢ ᠤᠷᠤᠯᠠᠨ ᠭᠦᠢᠴᠡᠳᠭᠡᠬᠦ ᠶᠤᠮ ᠪᠠᠶᠢᠨ᠎ᠠ᠃ ᠵᠠᠷᠢᠮ ᠰᠠᠭᠤᠭᠠᠯᠢ ᠠᠷᠠᠳ ᠨᠠᠰᠦ ᠠᠬᠢᠵᠤ᠂ ᠬᠦᠳᠡᠯᠵᠦ ᠪᠠᠷᠢᠬᠤ ᠳᠤ ᠲᠦᠭᠦᠮ ᠦᠭᠡᠢ ᠠᠴᠠ ᠪᠣᠯᠵᠤ᠂ ᠨᠡᠶᠢᠭᠡᠮ ᠲᠤᠭᠤᠷᠢᠭ ᠲᠤ ᠪᠡᠶ᠎ᠡ ᠪᠠᠷ ᠢᠶᠠᠨ ᠤᠴᠢᠵᠤ ᠠᠵᠢᠯ ᠶᠠᠪᠤᠳᠠᠯ ᠭᠦᠢᠴᠡᠳᠭᠡᠬᠦ ᠳᠤ ᠲᠦᠭᠦᠮ ᠦᠭᠡᠢ ᠪᠠᠶᠢᠳᠠᠭ᠃ ᠲᠡᠭᠡᠭᠦᠯᠡᠷ ᠲᠡᠷᠡ ᠬᠠᠮᠲᠤ ᠠᠵᠢᠯᠯᠠᠭᠰᠠᠳ ᠲᠠᠢ ᠪᠠᠨ ᠲᠤᠭᠲᠠᠮᠠᠯ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ᠂ ᠲᠡᠳᠡᠨ ᠤ ᠦᠨᠳᠦᠷ ᠨᠠᠰᠤᠨ ᠤ ᠨᠦᠬᠦᠪᠦᠷᠢ ᠶᠢᠨ ᠭᠡᠷᠡᠴᠢᠯᠡᠯ᠂ ᠡᠮ ᠡᠮᠨᠡᠯᠭᠡ ᠶᠢᠨ ᠳᠠᠭᠠᠳᠬᠠᠯ ᠤᠨ ᠭᠡᠷᠡᠴᠢᠯᠡᠯ᠂ ᠰᠦᠢᠳᠭᠡᠯ ᠳᠤᠰᠢᠶᠠᠬᠤ ᠵᠡᠷᠭᠡ ᠠᠵᠢᠯ ᠢ ᠨᠢ ᠬᠠᠪᠰᠤᠷᠤᠨ ᠭᠦᠢᠴᠡᠳᠭᠡᠵᠦ ᠥᠭᠳᠡᠭ᠃      ︽ᠶᠢᠩ ᠡᠵᠢ ᠡ᠂ ᠪᠢ ᠨᠡᠶᠢᠭᠡᠮ ᠲᠤᠭᠤᠷᠢᠭ ᠤᠨ ᠠᠵᠢᠯᠳᠠᠨ ᠰᠢᠶᠣᠣ ᠷᠧᠨ ᠪᠠᠶᠢᠨ᠎ᠠ᠂ ᠲᠠᠨ ᠳᠤ ᠦᠨᠳᠦᠷ ᠨᠠᠰᠤᠨ ᠤ ᠨᠦᠬᠦᠪᠦᠷᠢ ᠶᠢᠨ ᠭᠡᠷᠡᠴᠢᠯᠡᠯ ᠬᠢᠵᠦ ᠥᠭᠬᠦ ᠪᠠᠷ ᠢᠷᠡᠯ᠎ᠡ︾ ᠭᠡᠵᠦ ᠡᠭᠦᠳᠡ ᠶᠢ ᠨᠢ ᠬᠦᠩᠭᠡᠭᠡᠨ ᠲᠤᠭᠰᠢᠬᠤ ᠶᠢᠨ ᠲᠠᠭᠠᠤ ᠦᠨᠳᠦᠷ ᠰᠢᠭ ᠲᠠᠭᠤ ᠪᠠᠷ ᠶᠠᠷᠢᠨ᠎ᠠ᠃ ᠶᠢᠩ ᠨᠠᠰᠤᠲᠠᠨ ᠬᠠᠭᠠᠯᠭ᠎ᠠ ᠪᠠᠨ ᠨᠡᠭᠡᠭᠡᠵᠦ᠂ ᠰᠢᠶᠣᠣ ᠷᠧᠨ ᠢ ᠬᠠᠷᠠᠭᠠᠳ ᠪᠠᠶᠠᠷᠳᠠᠶᠢᠬᠠᠨ ᠭᠡᠷ ᠲᠡᠭᠡᠨ ᠤᠷᠢᠨ᠎ᠠ᠃ ᠲᠡᠷᠡ ᠭᠠᠷ ᠣᠲᠠᠰᠤ ᠪᠤᠯᠤᠨ ᠬᠠᠮᠢᠶ᠎ᠠ ᠪᠦᠬᠦᠢ ᠦᠨᠡᠮᠯᠡᠯ ᠢᠶᠠᠨ ᠭᠠᠷᠭᠠᠵᠤ᠂ ᠶᠢᠩ ᠨᠠᠰᠤᠲᠠᠨ ᠳᠤ ᠭᠡᠷᠡᠴᠢᠯᠡᠯ ᠬᠢᠵᠦ ᠥᠭᠭᠦᠭᠰᠡᠨ ᠪᠦᠭᠡᠳ ᠶᠠᠮᠠᠷ ᠬᠠᠪᠰᠤᠷᠤᠭᠤᠯᠬᠤ ᠵᠦᠢᠯ ᠪᠠᠶᠢᠪᠠᠯ ᠬᠡᠵᠢᠶ᠎ᠡ ᠴᠦ  ᠭᠡᠰᠡᠨ ᠲᠡᠳᠡᠨ ᠲᠠᠢ ᠬᠠᠷᠢᠯᠴᠠᠵᠤ ᠪᠣᠯᠣᠨ᠎ᠠ ᠭᠡᠵᠦ ᠵᠠᠬᠢᠯ᠎ᠠ᠃      ᠥᠳᠡ ᠶᠢᠨ ᠬᠤᠶᠢᠨ᠎ᠠ᠂ ᠨᠡᠶᠢᠭᠡᠮ ᠲᠤᠭᠤᠷᠢᠭ ᠤᠨ ᠬᠢᠨ ᠲᠦᠷᠦ ᠶᠢᠨ ᠪᠣᠳᠣᠯᠭ᠎ᠠ ᠬᠠᠤᠯᠢ ᠲᠤᠭᠲᠠᠭᠠᠯ ᠤᠨ ᠣᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠦ᠂ ᠲᠡᠷᠡ ᠬᠠᠮᠲᠤ ᠠᠵᠢᠯᠯᠠᠭᠰᠠᠳ ᠲᠠᠢ ᠪᠠᠨ ᠬᠠᠮᠲᠤ ᠣᠯᠠᠭᠠᠨ ᠬᠠᠨᠵᠢᠶᠠᠷᠢ ᠪᠠᠨ ᠡᠮᠦᠰᠴᠦ᠂ ᠰᠠᠭᠤᠭᠠᠯᠢ ᠠᠷᠠᠳ ᠲᠤ ᠣᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠰᠠᠭᠤᠭᠠᠯᠢ ᠠᠷᠠᠳ ᠤᠨ ᠠᠰᠠᠭᠤᠭᠰᠠᠨ ᠪᠦᠬᠦᠨ ᠢ ᠭᠦᠯᠢᠴᠡᠩᠭᠦᠢ ᠪᠠᠷ ᠬᠠᠷᠢᠭᠤᠯᠵᠤ᠂ ᠴᠢᠷᠠᠢ ᠲᠦᠭᠦᠷᠡᠩ ᠢᠨᠢᠶᠠᠮᠰᠦᠭᠯᠡᠯ ᠲᠤᠳᠤᠷᠠᠭᠤᠯᠤᠨ᠂ ᠠᠵᠢᠯ ᠤᠨ ᠣᠪᠤᠷ ᠪᠠᠶᠠᠰᠣᠩᠭᠤᠢ ᠪᠠᠶᠢᠵᠤ᠂ ᠵᠠᠷᠢᠮ ᠰᠠᠭᠤᠭᠠᠯᠢ ᠠᠷᠠᠳ ᠲᠦᠷᠦ ᠶᠢᠨ ᠪᠣᠳᠣᠯᠭ᠎ᠠ ᠬᠠᠤᠯᠢ ᠲᠦᠷᠢᠮ ᠢ ᠳᠡᠮᠡᠢ ᠰᠠᠶᠢᠨ ᠣᠶᠢᠯᠠᠭᠠᠬᠤ ᠦᠭᠡᠢ ᠪᠣᠯᠬᠤᠷ ᠲᠡᠷᠡ ᠬᠦᠯᠢᠴᠡᠩᠭᠦᠢ ᠪᠠᠷ ᠣᠶᠢᠯᠠᠭᠠᠭᠳᠠᠯ᠎ᠠ ᠲᠠᠶᠢᠯᠪᠤᠷᠢᠯᠠᠨ ᠥᠭᠴᠦ ᠪᠠᠶᠢᠯ᠎ᠠ᠃      ᠰᠠᠭᠤᠭᠠᠯᠢ ᠠᠷᠠᠳ ᠲᠤ ᠨᠡᠩ ᠰᠠᠶᠢᠨ ᠦᠢᠯᠡᠴᠢᠯᠡᠬᠦ ᠶᠢᠨ ᠲᠥᠯᠦᠭᠡ᠂ ᠨᠡᠶᠢᠭᠡᠮ ᠲᠤᠭᠤᠷᠢᠭ ᠤᠨ ᠲᠤᠤᠷᠵᠢᠯ ᠤᠨ ᠠᠵᠢᠯᠳᠠᠳ ᠪᠠᠰᠠ ︽ᠬᠤᠪᠢᠰᠬᠠᠯ ᠤᠨ ᠠᠳᠠᠯ ᠠᠬᠤᠢ︾᠎ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠲᠠᠢ ᠨᠢᠭᠲᠠ ᠬᠠᠮᠳᠤᠷᠠᠯᠴᠠᠳᠠᠭ᠃ ᠲᠡᠳᠡ ᠤᠷᠴᠢᠨ ᠲᠤᠭᠤᠷᠢᠨ ᠢ ᠴᠡᠪᠡᠷᠯᠡᠬᠦ᠂ ᠠᠮᠤᠷ ᠳᠦᠪᠰᠢᠨ ᠢ ᠲᠤᠭᠤᠷᠢᠨ ᠴᠠᠭᠳᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠬᠠᠮᠲᠤ ᠪᠠᠷ ᠦᠷᠨᠢᠭᠦᠯᠵᠦ᠂ ᠰᠠᠭᠤᠭᠠᠯᠢ ᠠᠷᠠᠳ ᠲᠤ ᠨᠡᠩ ᠢᠯᠡᠭᠦᠦ ᠲᠤᠳᠤᠨᠤ ᠦᠢᠯᠡᠴᠢᠯᠡᠭᠡ ᠬᠠᠩᠭᠠᠳᠠᠭ ᠢᠶᠠᠷ ᠢᠶᠠᠨ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠤᠯᠤᠭᠰᠠᠭᠠᠷ ᠢᠷᠡᠵᠡᠢ᠃      ᠠᠵᠢᠯᠯᠠᠭᠠᠨ ᠤ ᠳᠠᠷᠠᠭ᠎ᠠ ᠷᠧᠨ ᠰᠢᠶᠣᠣ ᠯᠢᠠᠩ ᠦᠪᠡᠷ ᠤᠨ ᠬᠤᠪᠢᠳᠠᠭᠰᠠᠨ ᠡᠳᠦᠷ ᠲᠤᠳᠤᠮ ᠤᠨ ᠠᠵᠢᠯ ᠢᠶᠠᠨ ᠡᠬᠢᠯᠡᠭᠦᠯᠵᠦ᠂ ᠠᠰᠠᠷ ᠤᠨ ᠬᠤᠩᠬᠢᠯ ᠤᠨ ᠠᠮᠤᠷ ᠳᠦᠪᠰᠢᠨ ᠭᠠᠷᠬᠤ ᠡᠭᠦᠳᠡ ᠶᠢ ᠪᠠᠶᠢᠴᠠᠭᠠᠵᠤ ᠥᠵᠡᠭᠰᠡᠨ ᠢᠶᠠᠨ ᠵᠠᠷᠢᠮ ᠠᠮᠤᠷ ᠳᠦᠪᠰᠢᠨ ᠭᠠᠷᠬᠤ ᠡᠭᠦᠳᠡ ᠨᠢ ᠡᠯᠳᠡᠪ ᠶᠠᠭᠤᠮ᠎ᠠ ᠳᠤ ᠪᠦᠭᠯᠡᠭᠳᠡᠭᠰᠡᠨ ᠢ ᠣᠯᠵᠣ ᠮᠡᠳᠡᠭᠡᠳ ᠴᠠᠭ ᠲᠤᠬᠠᠢ ᠳᠤᠨᠢ ᠴᠡᠪᠡᠷᠯᠡᠬᠦ ᠴᠢᠬᠤᠯᠠᠲᠠᠢ ᠪᠠᠶᠢᠭ᠎ᠠ ᠮᠡᠲᠦ ᠶᠢᠨ ᠠᠰᠠᠭᠤᠳᠠᠯ ᠢ ᠲᠡᠮᠳᠡᠭᠯᠡᠵᠦ᠂ ᠪᠤᠰᠤᠳ ᠠᠰᠠᠭᠤᠳᠠᠯ ᠢ ᠪᠠᠶᠢᠴᠠᠭᠠᠵᠤ ᠪᠠᠷᠠᠭᠰᠠᠨ ᠤ ᠳᠠᠷᠠᠭ᠎ᠠ᠂ ᠲᠡᠷᠡ ᠴᠠᠭ ᠲᠤᠬᠠᠢ ᠳᠤᠨᠢ ᠰᠠᠭᠤᠭᠠᠯᠢ ᠠᠷᠠᠳ ᠲᠤ ᠮᠡᠳᠡᠭᠳᠡᠬᠦ ᠶᠢᠨ ᠬᠠᠮᠲᠤ ᠠᠰᠠᠭᠤᠳᠠᠯ ᠰᠢᠢᠳᠪᠤᠷᠢᠯᠡᠬᠦ ᠳᠤ ᠯᠠᠪᠯᠠᠯᠲᠠ ᠪᠣᠯᠭᠠᠬᠤ ᠠᠷᠭ᠎ᠠ ᠭᠠᠷᠭᠠᠵᠤ ᠥᠭᠪᠡ᠃ ᠬᠡᠷᠪᠡ ᠠᠰᠠᠭᠤᠳᠠᠯ ᠨᠡᠯᠢᠶᠡᠳ ᠬᠦᠨᠳᠦ ᠨᠤᠴᠢᠲᠠᠢ ᠪᠠᠶᠢᠪᠠᠯ᠂ ᠲᠡᠷᠡ ᠴᠠᠭ ᠲᠤᠬᠠᠢ ᠳᠤᠨᠢ ᠠᠲᠠᠯ ᠠᠬᠤᠢ ᠪᠤᠶᠤ ᠬᠠᠮᠢᠶ᠎ᠠ ᠪᠦᠬᠦᠢ ᠰᠠᠯᠠᠭ᠎ᠠ ᠮᠦᠴᠢᠷ ᠎ ᠲᠠᠢ ᠬᠠᠷᠢᠯᠴᠠᠵᠤ ᠰᠢᠢᠳᠪᠤᠷᠢᠯᠡᠳᠡᠭ᠃      ᠡᠨᠡ ᠪᠣᠯ ᠳᠠᠷᠤᠢ ᠨᠡᠶᠢᠭᠡᠮ ᠲᠤᠭᠤᠷᠢᠭ ᠤᠨ ᠲᠤᠤᠷᠵᠢᠯ ᠤᠨ ᠠᠵᠢᠯᠳᠠᠨ ᠤ ᠨᠢᠭᠡ ᠡᠳᠦᠷ ᠤᠨ ᠠᠵᠢᠯ  ᠪᠣᠯᠣᠨ᠎ᠠ᠃ ᠲᠡᠳᠡᠨ ᠤ ᠠᠵᠢᠯ ᠬᠡᠳᠦᠶᠢᠪᠡᠷ ᠡᠭᠡᠯ ᠵᠢᠷ ᠤᠨ ᠪᠣᠯᠪᠠᠴᠦ ᠮᠠᠰᠢ ᠴᠢᠬᠤᠯᠠ ᠪᠠᠶᠢᠳᠠᠭ᠃ ᠲᠡᠳᠡ ᠴᠤᠴᠠᠯᠲᠠ ᠦᠭᠡᠢ ᠴᠢᠷᠮᠠᠶᠢᠨ ᠠᠵᠢᠯᠯᠠᠵᠤ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠲᠤ ᠲᠦᠭᠦᠮ ᠦᠵᠡᠭᠦᠯᠦᠨ᠂ ᠠᠮᠤᠷ ᠳᠦᠪᠰᠢᠨ ᠪᠠᠶᠢᠬᠤ ᠶᠢ ᠪᠠᠲᠤᠯᠠᠵᠤ᠂ ᠨᠡᠶᠢᠭᠡᠮ ᠲᠤᠭᠤᠷᠢᠭ ᠢ ᠨᠡᠩ ᠰᠠᠶᠢᠨ ᠰᠠᠶᠢᠬᠠᠨ ᠪᠤᠯᠭᠠᠵᠠᠢ᠃ ᠲᠡᠳᠡ ᠪᠣᠯ ᠨᠡᠶᠢᠭᠡᠮ ᠲᠤᠭᠤᠷᠢᠭ ᠤᠨ ᠰᠠᠬᠢᠨ ᠬᠠᠮᠠᠭᠠᠯᠠᠭᠴᠢ᠂ ᠰᠠᠭᠤᠭᠠᠯᠢ ᠠᠷᠠᠳ ᠤᠨ ᠲᠤᠳᠤᠨᠤ ᠬᠦᠮᠦᠨ ᠶᠤᠮ᠃ ᠲᠡᠳᠡᠨ ᠤ ᠠᠵᠢᠯ ᠨᠢ ᠦᠵᠡᠬᠦ ᠳᠤ ᠠᠷᠰᠠᠷ ᠰᠢᠭ ᠪᠣᠯᠪᠠᠴᠦ ᠨᠡᠶᠢᠭᠡᠮ ᠲᠤᠭᠤᠷᠢᠭ ᠤᠨ ᠡᠶ᠎ᠡ ᠵᠤᠬᠢᠴᠠᠯ ᠪᠠ ᠠᠮᠤᠷ ᠲᠤᠭᠲᠠᠭᠤᠨ ᠳᠤ ᠬᠤᠯᠪᠤᠭᠳᠠᠵᠤ ᠪᠠᠶᠢᠳᠠᠭ᠃ ᠲᠡᠳᠡ ᠦᠪᠡᠷ ᠤᠨ ᠬᠠᠯᠠᠭᠤᠨ ᠰᠡᠳᠬᠢᠯᠭᠡ ᠪᠠ ᠲᠡᠰᠪᠤᠷᠢ ᠳᠠᠪᠴᠢᠶᠡᠷᠢ ᠪᠠᠷ ᠢᠶᠠᠨ ᠰᠠᠭᠤᠭᠠᠯᠢ ᠠᠷᠠᠳ ᠲᠤ ᠠᠯᠢ ᠣᠯᠠᠨ ᠠᠰᠠᠭᠤᠳᠠᠯ ᠢ ᠰᠢᠢᠳᠪᠤᠷᠢᠯᠡᠨ ᠥᠭᠴᠦ᠂ ᠰᠠᠭᠤᠭᠠᠯᠢ ᠠᠷᠠᠳ ᠲᠤ ᠨᠡᠶᠢᠭᠡᠮ ᠲᠤᠭᠤᠷᠢᠭ ᠤᠨ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠶᠢ ᠮᠡᠳᠡᠷᠡᠭᠦᠯᠳᠡᠭ᠃ ᠲᠡᠳᠡ ᠪᠣᠯ ᠨᠡᠶᠢᠭᠡᠮ ᠲᠤᠭᠤᠷᠢᠭ ᠤᠨ ᠨᠢᠷᠤᠭᠤᠪᠴᠢ ᠬᠦᠴᠦᠨ᠂ ᠨᠡᠶᠢᠭᠡᠮ ᠤᠨ ᠰᠠᠭᠤᠷᠢ ᠮᠦᠨ᠃ ᠲᠡᠳᠡᠨ ᠤ ᠴᠢᠷᠮᠠᠶᠢᠯᠭ᠎ᠠ ᠪᠠᠷ᠂ ᠨᠡᠶᠢᠭᠡᠮ ᠲᠤᠭᠤᠷᠢᠭ ᠤᠨ ᠠᠵᠢᠯ ᠨᠡᠩ ᠤᠷᠤᠭᠰᠢᠲᠠᠢ᠂ ᠨᠡᠩ ᠪᠦᠳᠦᠮᠵᠢᠲᠡᠢ᠂ ᠨᠡᠩ ᠭᠦᠭᠵᠢᠯᠲᠡ ᠲᠠᠢ ᠪᠣᠯᠬᠤ ᠨᠢ ᠳᠠᠮᠵᠢᠭ ᠦᠭᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号