ᠠᠪᠠᠭ᠎ᠠ ᠬᠤᠰᠢᠭᠤᠨ ᠤ ᠨᠠᠷᠠᠨᠪᠣᠯᠠᠭ ᠰᠣᠮᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪ ᠡᠷᠦᠬᠡ ᠪᠠᠨ ᠰᠡᠭᠦᠯ᠎ᠡ
ᠨᠡᠶᠢᠲᠡᠯᠡᠭᠰᠡᠨ ᠴᠠᠭ᠄
2024/4/29
     ᠮᠠᠯ ᠠᠵᠤ ᠠᠬᠤᠢ ᠶᠢᠨ ᠲᠦᠷᠭᠡᠨ ᠬᠦᠭᠵᠢᠯᠲᠡ ᠶᠢ ᠳᠠᠭᠠᠯᠳᠤᠨ᠂ ᠮᠠᠯᠵᠢᠬᠤ ᠡᠷᠦᠬᠡ ᠶᠢᠨ ᠳᠤᠰᠬᠠᠶᠢᠵᠢᠭᠰᠠᠨ ᠮᠠᠯ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ ᠣᠯᠠᠨ ᠠᠴᠠ ᠣᠯᠠᠮ ᠱᠠᠭᠠᠷᠳᠠᠭᠳᠠᠵᠤ ᠪᠠᠶᠢᠭ᠎ᠠ ᠦᠨᠦᠳᠦᠷ ᠮᠠᠯ ᠠᠵᠤ ᠠᠬᠤᠢ ᠶᠢᠨ ᠬᠦᠭᠵᠢᠯᠲᠡ ᠶᠢᠨ ᠳᠤᠮᠳᠠ ᠢᠯᠡᠷᠡᠭᠰᠡᠨ ᠰᠢᠨ᠎ᠡ ᠬᠡᠷᠡᠭᠴᠡᠭᠡ ᠶᠢ ᠭᠦᠢᠴᠡᠳ ᠬᠠᠩᠭᠠᠬᠤ ᠱᠠᠭᠠᠷᠳᠠᠯᠭ᠎ᠠ ᠲᠠᠢ ᠪᠣᠯᠵᠤ ᠪᠠᠶᠢᠨ᠎ᠠ᠃ 4 ᠰᠠᠷ᠎ᠠ ᠶᠢᠨ 24᠎ ᠤ ᠡᠳᠦᠷ᠂ ᠠᠪᠠᠭ᠎ᠠ ᠬᠤᠰᠢᠭᠤᠨ ᠤ ᠨᠠᠷᠠᠨᠪᠣᠯᠠᠭ ᠰᠣᠮᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪ ᠨᠠᠷᠠᠨᠪᠣᠯᠠᠭ ᠰᠣᠮᠣᠨ ᠳᠤ ᠡᠷᠦᠬᠡ ᠪᠠᠨ ᠰᠡᠬᠦᠯ᠎ᠡ᠃      ᠠᠪᠠᠭ᠎ᠠ ᠬᠤᠰᠢᠭᠤᠨ ᠤ ᠨᠠᠷᠠᠨᠪᠣᠯᠠᠭ ᠰᠣᠮᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪ ᠢ 2023 ᠣᠨ ᠤ 8 ᠰᠠᠷ᠎ᠠ ᠠᠴᠠ ᠡᠬᠢᠯᠡᠨ ᠲᠦᠯᠦᠪᠵᠢᠭᠦᠯᠦᠨ ᠪᠠᠶᠢᠭᠤᠯᠵᠤ᠂ 100 ᠭᠠᠷᠤᠢ ᠲᠦᠮᠡᠨ ᠲᠦᠭᠦᠷᠢᠭ ᠤᠨ ᠪᠡᠯᠡ ᠤᠷᠤᠭᠤᠯᠤᠨ᠂ 300 ᠬᠠᠪᠳᠠᠭᠠᠢ ᠲᠦᠷᠪᠡᠯᠵᠢᠨ ᠮᠧᠲᠷ ᠤᠨ ᠡᠮᠴᠢᠯᠡᠭᠡᠨ ᠤ ᠰᠠᠭᠤᠷᠢ ᠲᠦᠬᠦᠭᠡᠷᠦᠮᠵᠢ  ᠶᠢ ᠪᠦᠷᠢᠨᠰᠢᠭᠦᠯᠵᠦ᠂ ᠬᠡᠭᠡᠯᠳᠦᠭᠦᠯᠭᠡ ᠬᠢᠬᠦ ᠲᠠᠰᠤᠭ᠂ ᠰᠢᠢᠳᠪᠤᠷᠢᠯᠡᠬᠦ ᠲᠠᠰᠤᠭ᠂ ᠪᠠᠭᠠᠵᠢ ᠬᠡᠷᠡᠭᠰᠡᠯ ᠤᠨ ᠲᠠᠰᠤᠭ᠂ ᠡᠮ ᠤᠨ ᠲᠠᠰᠤᠭ ᠵᠡᠷᠭᠡ ᠰᠠᠯᠠᠭ᠎ᠠ ᠲᠠᠰᠤᠭ ᠢ ᠪᠠᠶᠢᠭᠤᠯᠬᠤ ᠶᠢᠨ ᠬᠠᠮᠲᠤ ᠪᠠᠶᠢᠷᠢ ᠪᠣᠯᠣᠨ ᠬᠤᠭᠤᠯᠠᠨ ᠭᠡᠷ ᠳᠤᠬᠢᠷᠠᠭᠤᠯᠵᠤ᠂ ᠠᠮᠢᠳᠤ ᠪᠣᠳᠠᠰ ᠤᠨ ᠬᠢᠮᠢ ᠶᠢᠨ ᠰᠢᠯᠭᠠᠨ ᠪᠠᠶᠢᠴᠠᠭᠠᠯᠲᠠ᠂ B ᠬᠡᠲᠦ ᠳᠤᠯᠬᠢᠶᠠᠨ᠂ ᠮᠢᠺᠷᠤᠺᠤᠫ᠂ ᠬᠡᠭᠡᠯᠳᠦᠭᠦᠯᠭᠡ ᠬᠢᠬᠦ ᠪᠠᠭᠠᠵᠢ ᠬᠡᠷᠡᠭᠰᠡᠯ ᠵᠡᠷᠭᠡ ᠪᠡᠯᠡᠳᠭᠡᠯ ᠲᠦᠬᠦᠭᠡᠷᠦᠮᠵᠢ ᠶᠢ ᠳᠤᠬᠢᠷᠠᠭᠤᠯᠤᠭᠰᠠᠨ ᠪᠠᠶᠢᠳᠠᠭ᠃      ᠡᠨᠡᠬᠦ ᠦᠢᠯᠡᠴᠢᠯᠡᠭᠡᠨ ᠤ ᠲᠦᠪ ᠤᠨ ᠪᠠᠶᠢᠭᠤᠯᠤᠭᠳᠠᠭᠰᠠᠨ ᠨᠢ ᠨᠠᠷᠠᠨᠪᠣᠯᠠᠭ ᠰᠣᠮᠣᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠠᠵᠢᠯ ᠰᠢᠨ᠎ᠡ ᠬᠦᠭᠵᠢᠯᠲᠡ ᠶᠢᠨ ᠱᠠᠳᠤᠨ ᠳᠤ ᠤᠷᠤᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠰᠢᠨ᠎ᠡ ᠠᠬᠢᠴᠠ ᠲᠠᠢ ᠪᠤᠯᠤᠭᠰᠠᠨ ᠢ ᠬᠠᠷᠠᠭᠤᠯᠵᠤ ᠪᠠᠶᠢᠨ᠎ᠠ᠃ᠵᠠᠯᠭᠠᠭᠠᠳ ᠨᠠᠷᠠᠨᠪᠤᠯᠠᠭ ᠰᠣᠮᠣ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪ ᠤᠨ ᠠᠵᠢᠯᠲᠠᠳ ᠢ ᠪᠣᠯᠪᠠᠰᠤᠷᠠᠯ ᠳᠤ ᠢᠯᠡᠭᠦᠬᠡᠨ ᠤᠷᠤᠯᠴᠠᠭᠤᠯᠤᠨ᠂ ᠲᠡᠳᠡᠨ ᠤ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠳᠦᠪᠰᠢᠨ ᠢ  ᠳᠡᠭᠡᠭᠰᠢᠯᠡᠭᠦᠯᠦᠨ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠲᠦᠷᠭᠡᠳᠬᠡᠨ ᠠᠬᠢᠭᠤᠯᠬᠤ ᠶᠢᠨ ᠬᠠᠮᠲᠤ᠂ ᠦᠢᠯᠡᠴᠢᠯᠡᠭᠡ ᠶᠢ ᠬᠦᠴᠦᠯᠡᠨ ᠲᠦᠷᠢᠮᠵᠢᠭᠦᠯᠵᠦ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠠᠭᠤᠯᠭ᠎ᠠ ᠪᠠᠨ ᠦᠷᠭᠡᠳᠬᠡᠬᠦ ᠶᠢ ᠵᠤᠷᠢᠭᠵᠢᠭᠤᠯᠤᠨ᠂ ᠦᠢᠯᠡᠴᠢᠯᠡᠭᠡᠨ ᠤ ᠰᠦᠢᠳᠭᠡᠯ ᠬᠤᠷᠢᠶᠠᠬᠤ ᠪᠠᠷᠢᠮᠵᠢᠶ᠎ᠠ ᠶᠢ ᠵᠦᠢ ᠵᠤᠬᠢᠰᠲᠠᠢ ᠲᠤᠭᠲᠠᠭᠠᠵᠤ᠂ ᠪᠦᠬᠦ ᠰᠣᠮᠣᠨ ᠤ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠲᠤᠭᠳᠠᠭᠤᠨ ᠢᠶᠠᠷ ᠬᠦᠭᠵᠢᠬᠦ ᠶᠢ ᠠᠬᠢᠭᠤᠯᠬᠤ ᠳᠤ ᠪᠡᠯᠡᠬᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号