ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤ ᠪᠦᠬᠦ ᠠᠷᠠᠳ ᠤᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/4/29
     ᠲᠦᠮᠡᠨ ᠪᠤᠳᠠᠰ ᠠᠮᠢᠯᠠᠨ ᠰᠡᠷᠭᠦᠭᠰᠡᠨ ᠬᠠᠪᠤᠷ ᠤᠨ ᠰᠠᠶᠢᠬᠠᠨ ᠣᠯᠠᠷᠢᠯ ᠪᠣᠯ᠂ ᠮᠣᠳᠣ ᠲᠠᠷᠢᠵᠤ ᠨᠤᠭᠤᠭᠠᠷᠠᠭᠤᠯᠬᠤ ᠬᠠᠮᠤᠭ ᠤᠨ ᠰᠠᠶᠢᠬᠠᠨ ᠴᠠᠭ ᠶᠤᠮ᠃ 4 ᠰᠠᠷ᠎ᠠ ᠶᠢᠨ 26᠎ ᠤ ᠡᠳᠦᠷ᠂ ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠣᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠰᠠᠶᠢᠬᠠᠨᠳᠦ᠋ᠮᠡᠨ ᠭᠠᠴᠠᠭ᠎ᠠ᠂ ᠲᠦᠷᠪᠡᠨ ᠨᠡᠶᠢᠭᠡᠮ ᠲᠤᠭᠤᠷᠢᠭ᠂ ᠪᠠᠯᠭᠠᠰᠣᠨ ᠤ ᠵᠠᠪᠰᠡᠭᠲᠦ ᠬᠦᠴᠦᠨ ᠤ ᠬᠡᠯᠲᠡᠰ᠂ ᠲᠤᠮᠢᠯᠠᠭᠰᠠᠨ ᠰᠠᠯᠪᠤᠷᠢ᠂ ᠭᠠᠴᠠᠭᠠᠨ ᠤ ᠬᠠᠷᠢᠴᠠᠭᠰᠠᠨ ᠪᠠᠶᠢᠭᠤᠯᠭ᠎ᠠ ᠨᠢᠭᠡᠴᠡ᠂ ᠪᠠᠯᠭᠠᠰᠣᠨ ᠳᠤ ᠰᠠᠭᠤᠭ᠎ᠠ ᠠᠵᠤ ᠠᠬᠤᠶᠢᠯᠠᠯ ᠤᠨ ᠵᠢᠶᠠᠩᠰᠢ ᠳᠤ ᠴᠠᠬᠢᠯᠭᠠᠨ ᠬᠦᠷᠭᠡᠬᠦ ᠬᠦᠴᠦᠳᠡᠯ ᠦᠭᠡᠷᠡᠴᠢᠯᠡᠬᠦ ᠺᠤᠮᠫᠠᠨᠢ᠂ ᠪᠠᠯᠭᠠᠰᠣᠨ ᠤ ᠭᠤᠷᠪᠠᠳᠡᠬᠢ ᠡᠳᠡᠭᠡᠳ ᠤᠨ ᠤᠷᠴᠢᠨ ᠲᠤᠭᠤᠷᠢᠨ ᠤ ᠠᠷᠢᠭᠤᠨ ᠴᠠᠪᠡᠷ ᠤᠨ ᠺᠤᠮᠫᠠᠨᠢ ᠲᠠᠢ ᠬᠠᠮᠳᠤᠷᠠᠨ᠂ ᠪᠡᠯᠭᠦᠳᠡᠢ ᠪᠠᠯᠠᠭᠠᠰᠣᠨ ᠤ ᠰᠠᠶᠢᠬᠠᠨᠳᠦ᠋ᠮᠡᠨ ᠭᠠᠴᠠᠭᠠᠨ ᠳᠤ᠂ ᠪᠦᠬᠦ ᠠᠷᠠᠳ ᠤᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠦᠷᠨᠢᠬᠦᠯᠵᠦ᠂ 80 ᠭᠠᠷᠤᠢ ᠬᠦᠮᠦᠨ ᠠᠵᠢᠯᠯᠠᠭ᠎ᠠ ᠳᠤ ᠤᠷᠤᠯᠴᠠᠵᠠᠢ᠃      ᠮᠤᠳᠤ ᠲᠠᠷᠢᠬᠤ ᠠᠬᠤᠢ ᠲᠠᠯᠠᠪᠠᠢ ᠳᠤ ᠮᠠᠰᠢ ᠬᠦᠷ ᠭᠦᠭᠵᠢᠶᠡᠨ ᠲᠠᠢ ᠪᠠᠶᠢᠵᠤ᠂ ᠣᠯᠠᠨ ᠢᠶᠠᠷ ᠢᠶᠠᠨ ᠠᠵᠢᠯ ᠢᠶᠠᠨ ᠲᠤᠳᠤᠷᠬᠠᠢ ᠬᠤᠪᠢᠶᠠᠷᠢᠯᠠᠵᠤ᠂ ᠵᠠᠷᠢᠮ ᠨᠢ ᠨᠦᠬᠡ ᠮᠠᠯᠳᠠᠵᠤ᠂ ᠵᠠᠷᠢᠮ ᠨᠢ ᠴᠢᠬᠢ ᠰᠠᠭᠤᠯᠭᠠᠵᠤ᠂ ᠭᠤᠭᠴᠤᠭ᠎ᠠ ᠨᠢᠭᠡᠪᠤᠷᠢ ᠨᠢ ᠴᠦᠮ ᠮᠤᠳᠤ ᠵᠠᠶᠢᠯᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠪᠡᠷ ᠦᠪᠡᠷᠰᠡᠳ ᠤᠨ ᠠᠵᠢᠯ ᠢᠶᠠᠨ ᠨᠠᠷᠢᠨ ᠬᠢᠨᠠᠮᠠᠭᠠᠢ ᠭᠦᠢᠴᠡᠳᠭᠡᠵᠦ ᠪᠠᠶᠢᠯ᠎ᠠ᠃ ᠬᠤᠶᠠᠷ ᠴᠠᠭ ᠭᠠᠷᠤᠢ ᠰᠢᠷᠭᠠᠭᠤ ᠠᠵᠢᠯᠯᠠᠬᠤ ᠪᠠᠷ ᠳᠠᠮᠵᠢᠭᠠᠳ᠂ ᠲᠤᠷᠤᠭ ᠲᠡᠷᠪᠡᠯᠵᠢ᠂ ᠬᠠᠷᠭᠠᠨ᠎ᠠ᠂ ᠰᠢᠷ᠎ᠠ ᠪᠤᠷᠭᠠᠰᠤ ᠵᠡᠷᠭᠡ ᠡᠯᠡᠰᠦ ᠶᠢ ᠲᠤᠭᠲᠠᠪᠤᠷᠢᠵᠢᠭᠤᠯᠬᠤ ᠤᠷᠭᠤᠮᠠᠯ ᠲᠦᠮᠡᠨ ᠰᠠᠭᠤᠷᠢ ᠵᠠᠶᠢᠯᠠᠵᠤ᠂ ᠡᠨᠡ ᠭᠡᠰᠡᠭ ᠮᠠᠩᠬᠠᠨ ᠨᠣᠳᠤᠭ ᠠᠮᠢᠵᠢᠷᠠᠯ ᠤᠨ ᠬᠦᠴᠦᠨ ᠢᠶᠠᠷ ᠪᠢᠯᠬᠠᠵᠠᠢ᠃ ᠮᠤᠳᠤ ᠲᠠᠷᠢᠬᠤ ᠠᠵᠢᠯᠯᠠᠭ᠎ᠠ ᠳᠤ ᠤᠷᠤᠯᠴᠠᠭᠰᠠᠨ ᠬᠦᠮᠦᠰ ᠬᠤᠶᠢᠰᠢᠳᠠ ᠠᠮᠢ ᠠᠬᠤᠢ ᠶᠢᠨ ᠪᠣᠯᠪᠠᠰᠣᠨ ᠤ ᠪᠠᠶᠢᠭᠤᠯᠤᠯᠲᠠ ᠳᠤ ᠢᠳᠡᠪᠬᠢᠲᠡᠢ ᠤᠷᠤᠯᠴᠠᠵᠤ᠂ ᠪᠤᠳᠠᠳᠤ ᠠᠵᠢᠯᠯᠠᠭ᠎ᠠ ᠪᠠᠷ ᠢᠶᠠᠨ ᠦᠵᠡᠰᠭᠦᠯᠡᠩᠲᠦ ᠰᠠᠶᠢᠬᠠᠨ ᠭᠡᠷ ᠤᠷᠤᠨ ᠳᠤ ᠪᠠᠨ ᠨᠡᠩ ᠭᠤᠶᠢᠳᠠ ᠦᠩᠭᠡ ᠦᠵᠡᠮᠵᠢ ᠨᠡᠮᠡᠷᠢᠯᠡᠨ᠎ᠡ ᠭᠡᠵᠦ ᠢᠯᠡᠷᠬᠡᠶᠢᠯᠡᠵᠡᠭᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号