ᠬᠠᠤᠯᠢ ᠶᠢᠨ ᠮᠡᠳᠡᠯᠭᠡ ᠶᠢᠨ ᠱᠠᠩᠨᠠᠯᠲᠤ ᠤᠷᠤᠯᠳᠤᠭᠠᠨ ᠤ ᠱᠠᠩᠨᠠᠯ ᠣᠯᠭᠤᠬᠤ ᠶᠤᠰᠤᠯᠠᠯ ᠶᠠᠪᠤᠭᠳᠠᠯ᠎ᠠ
ᠨᠡᠶᠢᠲᠡᠯᠡᠭᠰᠡᠨ ᠴᠠᠭ᠄
2024/4/29
     4 ᠰᠠᠷ᠎ᠠ ᠶᠢᠨ 28 ᠤ ᠡᠳᠦᠷ ︽ᠤᠮᠠᠷᠠᠲᠤ ᠬᠢᠯᠢ ᠶᠢᠨ ᠰᠤᠶᠤᠯ ᠢ ᠣᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠣᠬᠠᠮᠰᠠᠷ ᠢ ᠪᠠᠲᠤ ᠴᠤᠭᠴᠠᠯᠠᠨ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠦᠮᠦᠨ ᠮᠡᠲᠦ ᠲᠤᠳᠤᠨᠤ︾ ᠰᠡᠳᠦᠪᠲᠦ ᠬᠠᠤᠯᠢ ᠶᠢᠨ ᠮᠡᠳᠡᠯᠭᠡ ᠶᠢᠨ ᠱᠠᠩᠨᠠᠯᠲᠤ ᠤᠷᠤᠯᠳᠤᠭᠠᠨ ᠤ ᠱᠠᠩᠨᠠᠯ ᠣᠯᠭᠤᠬᠤ ᠶᠤᠰᠤᠯᠠᠯ ᠣᠯᠠᠭᠠᠨᠮᠦ᠋ᠴᠢᠷ ᠤᠨ ᠲᠤᠭᠯᠠᠯᠲᠠ ᠶᠢᠨ ᠲᠢᠩᠬᠢᠮ ᠳᠤ ᠶᠠᠪᠤᠭᠳᠠᠯ᠎ᠠ᠃      ᠬᠠᠤᠯᠢ ᠶᠢᠨ ᠮᠡᠳᠡᠯᠭᠡ ᠶᠢᠨ ᠱᠠᠩᠨᠠᠯᠲᠤ ᠤᠷᠤᠯᠳᠤᠭᠠᠨ ᠢ ᠠᠪᠠᠭ᠎ᠠ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠪᠣᠯᠣᠨ ᠰᠤᠶᠤᠯ ᠲᠠᠮᠢᠷ ᠵᠢᠭᠤᠯᠴᠢᠯᠠᠯ ᠷᠠᠲᠢᠤ᠋ ᠲᠧᠯᠸᠢᠰ ᠲᠤᠪᠴᠢᠶ᠎ᠠ ᠭᠤᠣᠯᠯᠠᠨ ᠡᠷᠬᠢᠯᠡᠵᠦ᠂ ᠨᠠᠮ ᠤᠨ ᠬᠤᠷᠢᠶᠠᠨ ᠤ ᠣᠬᠠᠭᠤᠯᠬᠤ ᠬᠡᠯᠲᠡᠰ᠂ ᠨᠠᠮ ᠤᠨ ᠬᠤᠷᠢᠶᠠᠨ ᠤ ᠨᠢᠭᠡᠳᠦᠮᠡᠯ ᠹᠠᠷᠤᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠬᠠᠮᠵᠢᠯᠴᠠᠨ ᠡᠷᠬᠢᠯᠡᠵᠦ᠂ ᠠᠪᠠᠭ᠎ᠠ ᠬᠤᠰᠢᠭᠤᠨ ᠤ ᠣᠳᠬ᠎ᠠ ᠣᠷᠠᠯᠢᠭ ᠤᠨ ᠬᠢᠨ ᠤ ᠬᠤᠯᠪᠤᠭ᠎ᠠ ᠠᠴᠠ ᠳᠠᠭᠠᠭᠠᠴᠢᠯᠠᠨ ᠡᠷᠬᠢᠯᠡᠵᠦ᠂ 4 ᠰᠠᠷ᠎ᠠ ᠶᠢᠨ 25 ᠤ ᠡᠳᠦᠷ᠂ ︽ᠠᠷᠠᠳ ᠤᠨ ᠡᠶᠡᠳᠡᠭᠦᠯᠭᠡ ᠶᠢᠨ ᠠᠵᠢᠯ ᠳᠤ ᠳᠤᠬᠢᠷᠠᠭᠤᠯᠤᠨ ᠬᠡᠷᠡᠭᠯᠡᠬᠦ ᠬᠠᠤᠯᠢ ᠴᠠᠭᠠᠵᠠ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ︾ ᠶᠢᠨ ᠲᠤᠭᠤᠷᠢᠨ ᠳᠤ ᠢᠯᠭᠤᠮ ᠤᠷᠤᠭᠰᠢᠲᠠᠢ ᠶᠠᠪᠤᠭᠳᠠᠭᠰᠠᠨ ᠪᠠᠶᠢᠨ᠎ᠠ᠃      ᠡᠨᠡᠬᠦ ᠤᠷᠤᠯᠳᠤᠭᠠᠨ ᠳᠤ 43 ᠤᠷᠤᠯᠴᠠᠭᠴᠢ ᠬᠠᠤᠯᠢ ᠶᠢᠨ ᠮᠡᠳᠡᠯᠭᠡ ᠶᠢᠨ ᠤᠷᠤᠯᠳᠤᠭᠠᠨ ᠳᠤ ᠬᠢᠷᠢ ᠳᠦᠪᠰᠢᠨ ᠢᠶᠠᠨ ᠰᠤᠷᠢᠵᠤ᠂ ᠪᠢᠷ ᠤᠨ ᠰᠢᠯᠭᠠᠯᠲᠠ ᠶᠢᠨ ᠬᠡᠯᠪᠡᠷᠢ ᠪᠠᠷ ᠤᠷᠤᠯᠳᠤᠭᠤᠯᠤᠨ᠂ ᠴᠡᠭᠡᠵᠢ ᠪᠠᠷ ᠬᠠᠷᠢᠭᠤᠯᠤᠭᠰᠠᠨ ᠤᠷᠤᠯᠴᠠᠭᠴᠢ ᠶᠢ ᠰᠡᠳᠦᠪ ᠤᠨ ᠵᠦᠪ ᠪᠤᠷᠤᠭᠤ ᠪᠠᠷ ᠦᠨᠡᠯᠡᠨ ᠬᠢᠨᠠᠵᠤ᠂ ᠨᠤᠮ ᠦᠵᠡᠵᠦ ᠬᠠᠷᠢᠭᠤᠯᠤᠭᠰᠠᠨ ᠤᠷᠤᠯᠴᠠᠭᠴᠢ ᠶᠢ ᠪᠣᠯᠣᠳ ᠪᠢᠷ ᠤᠨ ᠲᠦᠷᠢᠮᠵᠢᠭᠦᠨ ᠪᠢᠴᠢᠯᠭᠡ ᠶᠢᠨ ᠪᠠᠶᠢᠳᠠᠯ ᠢ ᠦᠨᠳᠦᠰᠦᠯᠡᠨ ᠬᠤᠪᠢ ᠣᠯᠭᠤᠵᠠᠢ᠃      ᠤᠷᠤᠯᠳᠤᠭᠠᠨ ᠤ ᠳ᠋ᠦᠩ ᠳᠤ ᠶᠡᠬᠡᠭᠤᠣᠯ ᠰᠣᠮᠣᠨ ᠤ ᠣᠳᠬᠠᠨᠴᠡᠴᠡᠭ ᠲᠡᠷᠢᠭᠦᠯᠡᠵᠦ᠂ ᠴᠠᠭᠠᠨᠨᠠᠭᠤᠷ ᠪᠠᠯᠭᠠᠰᠤᠨ ᠤ ᠰᠤᠷᠭᠤᠭ᠂ ᠭᠠᠳᠠᠭᠠᠲᠤ ᠶᠠᠪᠤᠳᠠᠯ ᠤᠨ ᠠᠯᠪᠠᠨ ᠭᠡᠷ ᠤᠨ ᠠᠵᠢᠯᠳᠠᠨ ᠠᠮᠢᠨ᠎ᠠ ᠳᠡᠳᠡᠯᠡᠨ᠂ ᠴᠠᠭᠠᠨᠨᠠᠭᠤᠷ ᠪᠠᠯᠭᠠᠰᠣᠨ ᠤ ᠰᠡᠴᠡᠩᠭᠤᠸ᠎ᠠ᠂ ᠴᠠᠭᠠᠨᠨᠠᠭᠤᠷ ᠪᠠᠯᠭᠠᠰᠣᠨ ᠤ ᠬᠠᠷᠠᠪᠠᠷᠰ᠂ ᠪᠡᠯᠭᠦᠳᠡᠢ ᠪᠠᠯᠭᠠᠰᠣᠨ ᠤ ᠬᠠᠶᠢᠷ᠎ᠠ ᠭᠤᠳᠠᠭᠠᠷ ᠪᠠᠶᠢᠷᠢᠨ ᠳᠤ ᠲᠤᠳᠤᠷᠠᠨ ᠱᠠᠩᠨᠠᠯ ᠤᠨ ᠬᠤᠨᠳᠠᠭ᠎ᠠ᠂ ᠦᠨᠡᠮᠯᠡᠯ ᠤᠨ ᠪᠢᠴᠢᠭ᠂ ᠨᠤᠮ ᠤᠨ ᠱᠠᠩᠨᠠᠯ ᠲᠤᠰᠣᠯ᠎ᠠ᠃      ︽ᠪᠢ ᠶᠡᠷᠦᠨᠢ ᠨᠤᠮ ᠰᠡᠳᠭᠦᠯ ᠣᠩᠰᠢᠬᠤ ᠳᠤᠷᠠᠲᠠᠢ᠂ ᠲᠡᠭᠡᠭᠡᠳ ᠲᠤᠰ ᠣᠳᠠᠭᠠᠨ ᠤ ᠤᠷᠤᠯᠳᠤᠭᠠᠨ ᠤ ᠴᠢᠮᠡᠭᠡ ᠶᠢ ᠰᠣᠨᠣᠰᠣᠮᠠᠭᠴᠠ ᠪᠠᠶᠠᠷᠯᠠᠨ ᠪᠡᠯᠡᠳᠭᠡᠵᠦ ᠡᠬᠢᠯᠡᠭᠰᠡᠨ᠂ ᠪᠠᠷᠤᠭ ᠬᠤᠶᠠᠷ ᠰᠠᠷ᠎ᠠ ᠭᠠᠷᠤᠢ ᠰᠡᠳᠦᠪ ᠴᠡᠭᠡᠵᠢᠯᠡᠭᠰᠡᠨ᠂ ᠡᠳᠦᠷᠵᠢᠨ ᠥᠷᠯᠦᠭᠡ ᠠᠴᠠ ᠤᠷᠤᠢ ᠪᠣᠯᠳᠠᠯ᠎ᠠ ᠪᠢᠴᠢᠵᠦ ᠴᠡᠭᠡᠵᠢᠯᠡᠳᠡᠭ᠂ ᠬᠠᠷᠢᠨ ᠰᠠᠨᠠᠮᠰᠠᠷ ᠦᠭᠡᠢ ᠭᠤᠷᠪᠠᠳᠤᠭᠠᠷ ᠲᠤ ᠤᠷᠤᠴᠢᠬᠠᠯ᠎ᠠ︾ ᠭᠡᠵᠦ ᠴᠠᠭᠠᠨᠨᠠᠭᠤᠷ ᠪᠠᠯᠭᠠᠰᠣᠨ ᠤ ᠣᠯᠠᠭᠠᠠᠣᠳᠣ ᠭᠠᠴᠠᠭᠠᠨ ᠤ ᠨᠠᠰᠣᠨ ᠰᠡᠭᠦᠳᠡᠷ 74 ᠬᠦᠷᠴᠦ ᠪᠠᠶᠢᠭ᠎ᠠ ᠰᠡᠴᠡᠩᠭᠤᠸ᠎ᠠ ᠨᠠᠰᠣᠲᠠᠨ ᠪᠠᠶᠠᠷᠲᠠᠢ ᠣᠴᠢᠷᠯᠠᠨ᠎ᠠ᠃      ᠨᠠᠰᠣᠲᠠᠨ᠂ ᠵᠠᠯᠠᠭᠤ᠂ ᠠᠵᠢᠯᠴᠢᠨ᠂ ᠮᠠᠯᠴᠢᠨ ᠢᠯᠭᠠᠯ ᠦᠭᠡᠢ ᠦᠵᠦᠭ ᠬᠤᠷᠴᠠᠯᠠᠭᠰᠠᠨ ᠥᠭᠭᠦᠭᠡᠵᠢ ᠲᠠᠢ ᠰᠠᠶᠢᠬᠠᠨ ᠤᠷᠤᠯᠳᠤᠭᠠᠨ ᠳᠤ ᠤᠷᠤᠯᠴᠠᠭᠰᠠᠨ ᠪᠦᠬᠦᠨ ᠣᠯᠣᠯᠲᠠ ᠲᠦᠭᠦᠷᠡᠩ ᠪᠠᠶᠢᠯ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号