ᠶᠡᠬᠡᠭᠤᠤᠯ ᠰᠤᠮᠤᠨ ᠤ ᠮᠠᠯᠴᠢᠳ ᠤᠨ ᠠᠵᠤ ᠠᠬᠤᠶᠢᠯᠡᠯ ᠤᠨ ᠬᠤᠯᠪᠤᠭᠠᠯᠠᠨ ᠬᠤᠷᠰᠢᠭᠰᠡᠨ ᠰᠠᠭᠤᠷᠢᠨ ᠭᠠᠵᠡᠷ ᠡᠷᠤᠬᠡ ᠪᠠᠨ ᠰᠡᠬᠦᠯ᠎ᠠ
ᠨᠡᠶᠢᠲᠡᠯᠡᠭᠰᠡᠨ ᠴᠠᠭ᠄
2024/4/3
     3 ᠰᠠᠷ᠎ᠠ ᠶᠢᠨ 31᠎ ᠤ ᠡᠳᠤᠷ᠂ ᠶᠡᠬᠡᠭᠤᠤᠯ ᠰᠤᠮᠤᠨ ᠤ ︽ᠮᠠᠯᠴᠢᠳ ᠠᠵᠤ ᠠᠬᠤᠶᠢᠯᠡᠯ ᠤᠨ ᠬᠤᠯᠪᠤᠭᠠᠯᠠᠨ ᠬᠤᠷᠰᠢᠭᠰᠡᠨ ᠰᠠᠭᠤᠷᠢᠨ ᠭᠠᠵᠡᠷ︾ ᠵᠢᠪᠬᠤᠯᠠᠩᠳᠤ ᠭᠠᠴᠠᠭᠠᠨ ᠳᠤ ᠡᠷᠤᠬᠡ ᠪᠠᠨ ᠰᠡᠬᠦᠪᠠ᠃      ᠶᠡᠬᠡᠭᠤᠤᠯ ᠰᠤᠮᠤᠨ ᠤ ︽ᠮᠠᠯᠴᠢᠳ ᠠᠵᠤ ᠠᠬᠤᠶᠢᠯᠡᠯ ᠤᠨ ᠬᠤᠯᠪᠤᠭᠠᠯᠠᠨ ᠬᠤᠷᠰᠢᠭᠰᠡᠨ ᠰᠠᠭᠤᠷᠢᠨ ᠭᠠᠵᠡᠷ︾᠎ ᠢ ᠵᠢᠪᠬᠤᠯᠠᠩᠳᠤ ᠭᠠᠴᠠᠭᠠᠨ ᠤ ᠬᠤᠪᠢ ᠤᠷᠤᠭᠤᠯᠤᠭᠰᠡᠨ ᠠᠵᠤ ᠠᠬᠤᠢ ᠶᠢᠨ ᠬᠤᠷᠰᠢᠶᠠᠵᠢᠯ ᠬᠢᠬᠡᠳ ᠰᠢᠯᠢ ᠶᠢᠨ ᠭᠤᠤᠯ ᠠᠶᠢᠮᠠᠭ ᠤᠨ ᠪᠸᠢ ᠶᠤᠸᠠᠨ ᠮᠠᠯ ᠲᠠᠷᠢᠶᠠᠯᠡᠩ ᠤᠨ ᠬᠢᠵᠡᠭᠠᠷᠳᠤ ᠬᠠᠷᠢᠭᠤᠴᠠᠯᠭᠠᠳᠤ ᠺᠤᠮᠫᠠᠨᠢ ᠲᠠᠢ ᠬᠤᠯᠪᠤᠭᠠᠯᠠᠨ ᠪᠠᠶᠢᠭᠤᠯᠤᠭᠰᠡᠨ ᠶᠤᠮ᠃ ᠡᠨᠡᠬᠦ ᠰᠠᠭᠤᠷᠢᠨ ᠭᠠᠵᠡᠷ ᠨᠢ ᠶᠠᠬᠡᠭᠤᠤᠯ ᠰᠤᠮᠤᠨ ᠤ ᠵᠢᠪᠬᠤᠯᠠᠩᠳᠤ ᠭᠠᠴᠠᠭᠠᠨ ᠤ ᠡᠪᠡᠰᠤ ᠪᠤᠷᠳᠤᠭ᠎ᠠ ᠨᠦᠬᠡᠴᠡᠯᠡᠬᠦ ᠰᠠᠭᠤᠷᠢᠨ ᠭᠠᠵᠡᠷ ᠲᠤ ᠪᠠᠶᠢᠷᠢᠯᠠᠵᠤ᠂ ︽ᠨᠠᠮ ᠤᠨ ᠡᠬᠦᠷ + ᠠᠵᠤ ᠠᠬᠤᠶᠢᠯᠡᠯ + ᠬᠤᠷᠰᠢᠶᠠᠵᠢᠯ + ᠮᠠᠯᠵᠢᠬᠤ ᠡᠷᠤᠬᠡ︾᠎ ᠶᠢᠨ ᠡᠵᠡᠩᠨᠡᠯᠳᠡ ᠶᠢᠨ ᠵᠠᠭᠪᠤᠷ ᠢᠶᠠᠷ ᠲᠠᠮᠵᠢᠭᠤᠯᠤᠨ᠂ ᠨᠠᠮ ᠤᠨ ᠡᠬᠦᠷ ᠤᠨ ᠬᠦᠳᠤᠯᠤᠨ ᠲᠠᠭᠠᠭᠤᠯᠵᠤ ᠲᠠᠶᠢᠴᠢᠯᠠᠬᠤ ᠦᠢᠯᠡᠳᠤᠯ ᠢ ᠬᠦᠢᠴᠡᠳ ᠪᠠᠳᠠᠷᠠᠭᠤᠯᠵᠤ᠂ ᠭᠠᠴᠠᠭᠠᠨ ᠤ ᠬᠠᠮᠳᠤ ᠶᠢᠨ ᠡᠳ᠋ ᠬᠦᠷᠤᠩᠬᠡ ᠶᠢ ᠪᠦᠳᠤᠮᠵᠢᠳᠡᠢ ᠠᠮᠢᠯᠠᠭᠤᠯᠤᠨ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠶᠢᠨ ᠨᠡᠮᠡᠭᠳᠡᠯ ᠢ ᠪᠠᠶᠠᠯᠠᠬᠦᠯᠵᠤ᠂ ᠭᠠᠴᠠᠭᠠᠨ ᠤ ᠠᠶᠤᠯ ᠢ ᠰᠡᠷᠬᠡᠶᠢᠯᠡᠨ ᠭᠠᠮᠰᠢᠭ ᠠᠴᠠ ᠠᠪᠤᠷᠠᠬᠤ ᠴᠢᠳᠠᠪᠤᠷᠢ ᠶᠢ ᠤᠯᠠᠮ ᠨᠢᠬᠡ ᠠᠯᠬᠤᠮ ᠲᠡᠬᠡᠭᠰᠢᠯᠡᠬᠦᠯᠬᠦ ᠪᠤᠯᠤᠨ᠎ᠠ᠃      ︽ᠮᠠᠯᠴᠢᠳ ᠠᠵᠤ ᠠᠬᠤᠶᠢᠯᠡᠯ ᠤᠨ ᠬᠤᠯᠪᠤᠭᠠᠯᠠᠨ ᠬᠤᠷᠰᠢᠭᠰᠡᠨ ᠰᠠᠭᠤᠷᠢᠨ ᠭᠠᠵᠡᠷ︾᠎ ᠨᠢ ᠠᠵᠤ ᠠᠬᠤᠶᠢᠯᠡᠯ ᠠᠴᠠ ᠮᠠᠯᠵᠢᠬᠤ ᠡᠷᠤᠬᠡ ᠶᠢᠨ ᠪᠤᠳᠠᠳᠡᠢ ᠬᠡᠷᠡᠭᠴᠡᠭᠡ ᠶᠢ ᠦᠡᠳᠤᠰᠤᠯᠠᠨ᠂ ᠴᠢᠨᠡᠷ ᠰᠠᠶᠢᠳᠡᠢ ᠬᠤᠯᠢᠮᠠᠭ ᠲᠡᠵᠢᠬᠡᠯ ᠪᠤᠷᠳᠤᠭ᠎ᠠ ᠪᠠᠨ ᠬᠢᠮᠳᠠ ᠦᠨ᠎ᠠ ᠪᠠᠷ ᠵᠢᠪᠬᠤᠯᠠᠩᠳᠤ ᠭᠠᠴᠠᠭᠠᠨ ᠤ ᠮᠠᠯᠵᠢᠬᠤ ᠡᠷᠤᠬᠡ ᠳᠤ ᠰᠢᠭᠤᠳ ᠪᠤᠷᠤᠯᠠᠭᠤᠯᠵᠤ᠂ ᠦᠢᠯᠡᠳᠪᠤᠷᠢ ᠠᠴᠠ ᠡᠪᠡᠰᠤ ᠪᠤᠷᠳᠤᠭ᠎ᠠ ᠵᠠᠬᠢᠶᠠᠯᠠᠨ ᠠᠪᠴᠤ ᠪᠤᠯᠤᠨ᠎ᠠ᠂ ᠤᠡᠴᠠᠭᠠᠶᠢᠯᠠᠨ ᠬᠠᠪᠤᠷ ᠤᠨ ᠬᠠᠰᠢᠶᠠᠯᠠᠭ᠎ᠠ ᠶᠢᠨ ᠬᠤᠭᠤᠴᠠᠭᠠᠨ ᠳᠤ᠂ ᠮᠠᠯᠵᠢᠬᠤ ᠡᠷᠤᠬᠡ ᠶᠢᠨ ᠡᠪᠡᠰᠤ ᠪᠤᠷᠳᠤᠭ᠎ᠠ ᠬᠦᠷᠤᠯᠴᠠᠬᠦ ᠦᠬᠡᠢ᠂ ᠵᠦᠬᠡᠬᠡᠪᠤᠷᠢᠯᠡᠬᠦ ᠳᠤ ᠬᠦᠴᠢᠷᠳᠡᠢ ᠪᠠᠶᠢᠬᠤ ᠠᠰᠠᠭᠤᠳᠠᠯ ᠢ ᠰᠢᠢᠳᠪᠤᠷᠢᠯᠡᠵᠤ ᠦᠭᠬᠦ ᠪᠠᠷ ᠪᠠᠷᠠᠬᠤ ᠦᠬᠡᠢ᠂ ᠮᠠᠯᠵᠢᠬᠤ ᠡᠷᠤᠬᠡ ᠶᠢᠨ ᠡᠪᠡᠰᠤ ᠪᠤᠷᠳᠤᠭ᠎ᠠ ᠬᠤᠳᠠᠯᠳᠤᠨ ᠠᠪᠬᠤ ᠦᠪᠡᠷ ᠤᠨ ᠦᠷᠳᠡᠭ ᠢ ᠴᠤ ᠪᠦᠳᠤᠮᠵᠢᠳᠡᠢ ᠪᠠᠭᠤᠷᠠᠭᠤᠯᠵᠤ ᠴᠢᠳᠠᠨ᠎ᠠ᠃ ᠮᠥᠨ ᠡᠳᠤᠷ ᠠᠬᠤᠢ ᠲᠠᠯᠠᠪᠠᠢ ᠳᠤ ᠬᠡᠰᠡᠭ ᠮᠠᠯᠴᠢᠳ ᠬᠠᠰᠢᠶᠠᠯᠠᠭ᠎ᠠ ᠶᠢᠨ ᠬᠤᠭᠤᠴᠠᠭᠠᠨ ᠳᠤ ᠡᠪᠡᠰᠤ ᠪᠤᠷᠳᠤᠭ᠎ᠠ ᠬᠤᠳᠠᠯᠳᠤᠨ ᠠᠪᠬᠤ ᠬᠡᠷ᠎ᠠ ᠳᠤ ᠭᠠᠷ ᠤᠨ ᠦᠰᠦᠭ ᠵᠢᠷᠤᠪᠠ᠃      ᠡᠨᠡᠬᠦ ᠰᠠᠭᠤᠷᠢᠨ ᠭᠠᠵᠡᠷ ᠨᠢ ︽ᠮᠠᠯᠴᠢᠳ ᠠᠵᠤ ᠠᠬᠤᠶᠢᠯᠡᠯ ᠤᠨ ᠬᠤᠯᠪᠤᠭᠠᠯᠠᠨ ᠬᠤᠷᠰᠢᠭᠰᠡᠨ ᠰᠠᠭᠤᠷᠢᠨ ᠭᠠᠵᠡᠷ︾᠎ ᠨᠢ ᠡᠪᠡᠰᠤ ᠪᠤᠷᠳᠤᠭ᠎ᠠ ᠪᠤᠯᠪᠠᠰᠤᠷᠠᠭᠤᠯᠬᠤ ᠲᠦᠬᠦᠬᠡᠷᠤᠮᠵᠢ ᠬᠤᠳᠠᠯᠳᠤᠨ ᠠᠪᠴᠤ᠂ ᠬᠤᠯᠢᠮᠠᠭ ᠲᠡᠵᠢᠬᠡᠯ ᠪᠤᠷᠳᠤᠭ᠎ᠠ ᠦᠢᠯᠡᠳᠪᠤᠷᠢᠯᠡᠨ᠂ ︽ᠡᠪᠡᠰᠤ ᠪᠤᠷᠳᠤᠭ᠎ᠠ ᠶᠢ ᠬᠤᠯᠪᠤᠭᠠᠯᠠᠨ ᠤᠷᠤᠭᠤᠯᠵᠤ᠂ ᠮᠠᠯ ᠤᠨ ᠭᠠᠷᠭᠠᠯᠳᠠ ᠶᠢ ᠬᠠᠮᠳᠤᠪᠠᠷ ᠪᠠᠶᠠᠯᠡᠬᠦᠯᠬᠦ︾ ᠵᠠᠭᠪᠤᠷ ᠢ ᠪᠤᠢ ᠪᠤᠯᠭᠠᠬᠤ︔ ᠲᠠᠷᠢᠮᠠᠯ ᠤᠨ ᠰᠠᠭᠤᠷᠢᠨ ᠭᠠᠵᠡᠷ ᠲᠠᠢ ᠬᠠᠮᠳᠤᠷᠠᠯᠴᠠᠵᠤ᠂  ᠬᠤᠷᠭᠤᠣᠯ ᠢᠶᠠᠷ ᠲᠡᠵᠢᠬᠡᠯ ᠪᠤᠷᠳᠤᠭ᠎ᠠ ᠰᠤᠯᠢᠵᠤ᠂ ︽ᠲᠠᠷᠢᠮᠠᠯ ᠤᠨ ᠦᠢᠯᠡᠰ + ᠮᠠᠯ ᠠᠵᠤ ᠠᠬᠤᠢ︾᠎ ᠶᠢᠨ ᠠᠷᠭ᠎ᠠ ᠮᠠᠶ᠋ᠢᠭ ᠢᠶᠠᠷ ᠬᠦᠳᠡᠭᠡ ᠲᠤᠰᠬᠤᠨ ᠪᠠ ᠮᠠᠯᠵᠢᠬᠤ ᠤᠷᠤᠨ ᠤ ᠡᠬᠢ ᠪᠠᠶᠠᠯᠢᠭ ᠢ ᠬᠠᠮᠳᠤᠪᠠᠷ ᠡᠳ᠋ᠯᠡᠬᠦ ᠶᠢ ᠪᠠᠶᠠᠯᠠᠬᠦᠯᠬᠦ︔ ᠲᠦᠷᠪᠡᠨ ᠤᠯᠡᠷᠢᠯ ᠳᠤ ᠪᠤᠷᠳᠤᠵᠤ ᠲᠠᠷᠭᠤᠯᠠᠭᠤᠯᠬᠤ᠂ ᠦᠷᠡᠵᠢᠬᠦᠯᠤᠨ ᠪᠤᠶᠢᠵᠢᠭᠤᠯᠬᠤ ᠵᠡᠷᠬᠡ ᠨᠠᠶᠢᠳᠠᠨ ᠬᠠᠮᠢᠶᠠᠷᠤᠭᠤᠯᠬᠤ ᠦᠢᠯᠡᠴᠢᠯᠡᠬᠡᠨ ᠤ ᠠᠭᠤᠯᠭ᠎ᠠ ᠶᠢ ᠨᠠᠮᠠᠨ ᠤᠷᠤᠭᠤᠯᠬᠤ︔ ᠠᠶᠢᠮᠠᠭ ᠤᠨ ᠲᠤᠳᠤᠷ᠎ᠠ ᠭᠠᠳᠠᠨᠠᠬᠢ ᠮᠠᠯ ᠡᠮᠨᠡᠯᠬᠡ ᠶᠢᠨ ᠦᠢᠯᠡᠴᠢᠯᠡᠬᠡᠨ ᠤ ᠠᠵᠤ ᠠᠬᠤᠶᠢᠯᠡᠯ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠮᠠᠯ ᠡᠮᠨᠡᠯᠬᠡ ᠶᠢᠨ ᠦᠷᠳᠡᠭᠡ ᠶᠢ ᠠᠮᠢᠯᠠᠭᠤᠯᠤᠨ᠂ ᠮᠠᠯᠵᠢᠬᠤ ᠡᠷᠤᠬᠡ ᠳᠤ ᠮᠠᠯ ᠤᠨ ᠡᠮᠴᠢ᠂ ᠢᠴᠡᠬᠡᠯ ᠦᠷ᠎ᠠ ᠶᠢᠨ ᠬᠡᠬᠡᠯᠳᠤᠬᠦᠯᠬᠡ ᠶᠢᠨ ᠮᠡᠷᠬᠡᠵᠢᠯ ᠵᠠᠷᠬᠡ ᠦᠢᠯᠡᠴᠢᠯᠡᠭᠡ ᠬᠠᠩᠭᠠᠵᠤ᠂ ᠬᠤᠯᠢᠮᠠᠭ ᠲᠡᠵᠢᠬᠡᠯ ᠪᠤᠷᠳᠤᠭ᠎ᠠ ᠨᠦᠬᠡᠴᠡᠯᠡᠬᠦ ᠦᠪᠡᠷ ᠤᠨ ᠦᠷᠳᠡᠭ ᠢ ᠤᠯᠠᠮ ᠨᠢᠬᠡ ᠠᠯᠬᠤᠮ ᠪᠠᠭᠤᠷᠠᠭᠤᠯᠤᠨ᠂ ᠨᠠᠶᠢᠬᠡᠮᠴᠢᠯᠡᠭᠰᠡᠨ ᠦᠢᠯᠡᠴᠢᠯᠡᠬᠡᠨ ᠤ ᠠᠭᠤᠯᠭ᠎ᠠ ᠶᠢ ᠪᠠᠶᠠᠯᠢᠭᠵᠢᠭᠤᠯᠵᠤ᠂ ᠮᠠᠯ ᠰᠦᠷᠦᠭ ᠢ ᠰᠢᠡᠵᠢᠯᠡᠬᠦ ᠤᠬᠠᠭᠠᠡᠴᠢ ᠪᠠᠷ ᠮᠠᠯᠵᠢᠬᠤ ᠶᠢ ᠠᠬᠢᠭᠤᠯᠬᠤ ᠪᠠᠷ ᠡᠵᠡᠩᠨᠡᠯᠳᠡ ᠦᠷᠨᠢᠬᠦᠯᠬᠦ ᠪᠤᠯᠤᠨ᠎ᠠ᠃      ᠮᠠᠯ ᠠᠵᠤ ᠠᠬᠤᠢ ᠪᠤᠯ ᠮᠠᠯᠵᠢᠬᠤ ᠤᠷᠤᠨ ᠤ ᠲᠤᠯᠭᠠᠭᠤᠷᠢ ᠠᠵᠤ ᠦᠢᠯᠡᠰ ᠪᠤᠯᠤᠨ᠎ᠠ᠃ ᠨᠢᠬᠡ ᠲᠠᠯ᠎ᠠ ᠪᠠᠷ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠲᠠᠢ ᠬᠤᠯᠪᠤᠭᠳᠠᠵᠤ᠂ ᠨᠦᠬᠦᠬᠡ ᠲᠠᠯ᠎ᠠ ᠪᠠᠷ ᠮᠠᠯᠴᠢᠳ ᠤᠨ ᠴᠢᠨᠡᠬᠡᠯᠢᠭᠵᠢᠨ ᠤᠷᠤᠯᠭ᠎ᠠ ᠪᠠᠨ ᠨᠡᠮᠡᠭᠳᠡᠬᠦᠯᠬᠦ ᠲᠠᠢ ᠬᠤᠯᠪᠤᠭᠳᠠᠵᠤ᠂ ᠤᠯᠤᠰ ᠤᠨ ᠴᠢᠬᠤᠯᠠ ᠮᠠᠯ ᠲᠠᠷᠢᠶᠠᠯᠠᠩ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ ᠦᠢᠯᠡᠳᠪᠤᠷᠢᠯᠡᠯ ᠤᠨ ᠰᠠᠭᠤᠷᠢᠨ ᠤ ᠪᠦᠳᠤᠬᠡᠨ ᠪᠠᠶᠢᠭᠤᠯᠤᠯᠳᠠ ᠲᠠᠢ ᠰᠢᠭᠤᠳ ᠬᠤᠯᠪᠤᠭᠳᠠᠵᠤ ᠪᠠᠶᠢᠳᠠᠭ᠃ ᠤᠶᠢᠷ᠎ᠠ ᠶᠢᠨ ᠵᠢᠯ ᠠᠴᠠ ᠶᠠᠬᠡᠭᠤᠤᠯ ᠰᠤᠮᠤ ᠨᠠᠮ ᠤᠨ ᠪᠠᠶᠢᠭᠤᠯᠤᠯᠳᠠ ᠶᠢᠨ ᠬᠦᠳᠤᠯᠤᠨ ᠲᠠᠭᠠᠭᠤᠯᠬᠤ ᠦᠢᠯᠡᠳᠤᠯ ᠢ ᠬᠦᠢᠴᠡᠳ ᠪᠠᠳᠠᠷᠠᠭᠤᠯᠵᠤ᠂ ᠭᠠᠴᠠᠭᠠᠨ ᠤ ᠨᠠᠮ ᠤᠨ ᠡᠬᠦᠷ ᠢ ᠵᠢᠯᠤᠭᠤᠳᠤᠨ ᠬᠠᠮᠳᠤ ᠶᠢᠨ ᠠᠵᠤ ᠠᠬᠤᠢ ᠶᠢᠨ ᠬᠦᠭᠵᠢᠯᠳᠠ ᠶᠢᠨ ᠵᠠᠭᠪᠤᠷ ᠢ ᠢᠳᠡᠪᠬᠢᠳᠡᠢ ᠰᠦᠪᠡᠭᠴᠢᠯᠡᠵᠤ᠂ ᠵᠤᠷᠢᠭᠳᠡᠢ ᠪᠠᠷ ᠭᠠᠳᠠᠭᠰᠢ ᠭᠠᠷᠴᠤ᠂ ᠢᠳᠡᠪᠬᠢᠳᠡᠢ ᠪᠠᠷ ᠤᠷᠤᠭᠤᠯᠤᠨ ᠠᠪᠴᠢᠷᠠᠵᠤ᠂ ᠮᠠᠯᠴᠢᠳ ᠲᠤ ᠬᠠᠪᠰᠤᠷᠤᠨ ᠮᠠᠯᠵᠢᠯ ᠤᠨ ᠦᠪᠡᠷ ᠤᠨ ᠦᠷᠳᠡᠭ ᠢ ᠨᠢ ᠪᠠᠭᠤᠷᠠᠭᠤᠯᠵᠤ᠂ ᠦᠷ᠎ᠠ ᠠᠰᠢᠭ ᠢ ᠨᠢ ᠲᠡᠬᠡᠭᠰᠢᠯᠡᠬᠦᠯᠤᠨ᠂ ᠠᠮᠢ ᠠᠬᠤᠢ ᠪᠠ ᠠᠵᠤ ᠠᠬᠤᠢ ᠶᠢᠨ ᠦᠷ᠎ᠠ ᠠᠰᠢᠭ ᠤᠨ ᠬᠤᠤᠰ ᠠᠮᠵᠢᠯᠳᠠ ᠶᠢ ᠴᠢᠷᠮᠠᠶᠢᠨ ᠪᠠᠶᠠᠯᠠᠬᠦᠯᠵᠤ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号