ᠠᠪᠠᠭ᠎ᠠ ᠬᠤᠰᠢᠭᠤ 2024 ᠤᠨ ᠤ ᠬᠠᠪᠤᠷ ᠤᠨ ᠤᠯᠠᠷᠢᠯ ᠤᠨ ᠤᠢ ᠰᠢᠭᠤᠢ ᠨᠤᠳᠤᠭ ᠪᠠᠯᠴᠢᠬᠡᠷ ᠤᠨ ᠭᠠᠯ ᠰᠡᠷᠬᠡᠶᠢᠯᠡᠨ ᠤᠡᠳᠠᠷᠠᠭᠠᠬᠤ ᠪᠤᠯᠪᠠᠰᠤᠷᠠᠯ ᠡᠷᠬᠢᠯᠠᠪᠠ
ᠨᠡᠶᠢᠲᠡᠯᠡᠭᠰᠡᠨ ᠴᠠᠭ᠄
2024/4/7
     4 ᠰᠠᠷ᠎ᠠ ᠶᠢᠨ 2᠎ ᠤ ᠡᠳᠤᠷ᠂ ᠠᠪᠠᠭ᠎ᠠ ᠬᠤᠰᠢᠭᠤ 2024 ᠤᠨ ᠤ ᠬᠠᠪᠤᠷ ᠤᠨ ᠤᠯᠠᠷᠢᠯ ᠤᠨ ᠤᠢ ᠰᠢᠭᠤᠢ ᠨᠤᠳᠤᠭ ᠪᠠᠯᠴᠢᠬᠡᠷ ᠤᠨ ᠭᠠᠯ ᠰᠡᠷᠬᠡᠶᠢᠯᠡᠨ ᠤᠡᠳᠠᠷᠠᠭᠠᠬᠤ ᠪᠤᠯᠪᠠᠰᠤᠷᠠᠯ ᠢ ᠡᠷᠬᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠪᠠᠶᠢᠩᠭᠤ ᠶᠢᠨ ᠬᠤᠰᠢᠭᠤ ᠲᠡᠳ᠋ ᠲᠠᠷᠤᠭ᠎ᠠ ᠭᠧ ᠶᠦᠡᠭ ᠵᠢᠶᠦ᠋ᠨ ᠪᠤᠯᠪᠠᠰᠤᠷᠠᠯ ᠡᠬᠢᠯᠡᠬᠦ ᠶᠤᠰᠤᠯᠠᠯ ᠳᠤ ᠤᠷᠤᠯᠴᠠᠵᠤ ᠶᠠᠷᠢᠶ᠎ᠠ ᠲᠠᠯᠪᠢᠪᠠ᠃ ᠰᠢᠯᠢ ᠶᠢᠨ ᠭᠤᠤᠯ ᠠᠶᠢᠮᠠᠭ ᠎ ᠤᠨ ᠤᠢ ᠰᠢᠭᠤᠢ ᠨᠤᠳᠤᠭ ᠪᠠᠯᠴᠢᠬᠡᠷ ᠤᠨ ᠭᠠᠯ ᠰᠡᠷᠬᠡᠶᠢᠯᠡᠨ ᠤᠡᠳᠠᠷᠠᠭᠠᠬᠤ ᠰᠠᠯᠪᠤᠷᠢ ᠠᠩᠬᠢ ᠶᠢᠨ ᠰᠢᠯᠢ ᠶᠢᠨ ᠬᠤᠳᠠ ᠶᠢᠨ ᠲᠤᠮᠳᠠ ᠠᠩᠬᠢ ᠶᠢᠨ ᠵᠢᠭᠠᠨ ᠵᠢᠯᠤᠭᠤᠳᠤᠭᠴᠢ ᡁᠢ ᠮᠢᠨ ᠵᠢᠴᠢ ᠬᠤᠰᠢᠭᠤ ᠤᠢ ᠰᠢᠭᠤᠢ ᠨᠤᠳᠤᠭ ᠪᠠᠯᠴᠢᠬᠡᠷ ᠤᠨ ᠭᠠᠯ ᠰᠡᠷᠬᠡᠶᠢᠯᠡᠨ ᠤᠡᠳᠠᠷᠠᠭᠠᠬᠤ ᠵᠢᠯᠤᠭᠤᠳᠬᠤ ᠭᠠᠵᠡᠷ ᠤᠨ ᠡᠯ᠎ᠠ ᠪᠦᠷᠢᠯᠳᠤᠬᠦᠨ ᠨᠢᠬᠡᠴᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠵᠢᠴᠢ ᠡᠯ᠎ᠠ ᠰᠠᠯᠠᠭ᠎ᠠ ᠮᠦᠴᠢᠷ᠂ ᠡᠯ᠎ᠠ ᠰᠤᠮᠤ ︵ᠪᠠᠯᠭᠠᠰᠤ︶᠎ ᠶᠢᠨ ᠤᠢ ᠰᠢᠭᠤᠢ ᠨᠤᠳᠤᠭ ᠪᠠᠯᠴᠢᠬᠡᠷ ᠤᠨ ᠭᠠᠯ ᠰᠡᠷᠬᠡᠶᠢᠯᠡᠨ ᠤᠡᠳᠠᠷᠠᠭᠠᠬᠤ ᠠᠵᠢᠯ ᠤᠨ ᠵᠢᠯᠤᠭᠤᠳᠤᠭᠴᠢ ᠪᠤᠯᠤᠨ ᠭᠠᠯ ᠰᠡᠷᠬᠡᠶᠢᠯᠡᠨ ᠤᠡᠳᠠᠷᠠᠭᠠᠬᠤ ᠠᠵᠢᠯᠳᠠᠨ ᠵᠡᠷᠬᠡ ᠬᠠᠮᠢᠶ᠎ᠠ ᠪᠦᠬᠦᠢ ᠬᠦᠮᠤᠰ ᠪᠤᠯᠪᠠᠰᠤᠷᠠᠯ ᠳᠤ ᠤᠷᠤᠯᠴᠠᠵᠠᠢ᠃      ᠪᠤᠯᠪᠠᠰᠤᠷᠠᠯ ᠳᠤ ᠠᠶᠢᠮᠠᠭ ᠤᠨ ᠤᠢ ᠰᠢᠭᠤᠢ ᠨᠤᠳᠤᠭ ᠪᠠᠯᠴᠢᠬᠡᠷ ᠤᠨ ᠭᠠᠯ ᠰᠡᠷᠬᠡᠶᠢᠯᠡᠨ ᠤᠡᠳᠠᠷᠠᠭᠠᠬᠤ ᠰᠠᠯᠪᠤᠷᠢ ᠠᠩᠬᠢ ᠶᠢᠨ ᠰᠤᠷᠭᠠᠭᠴᠢ ᠯᠢ ᡁᠢ ᠶᠦᠡᠭ᠂ ᠬᠤᠰᠢᠭᠤ ᠭᠠᠯ ᠰᠡᠷᠬᠡᠶᠢᠯᠡᠵᠤ ᠭᠠᠯ ᠤᠡᠳᠠᠷᠠᠭᠠᠬᠤ ᠠᠪᠤᠷᠠᠨ ᠲᠤᠰᠯᠠᠬᠤ ᠶᠡᠭᠡ ᠠᠩᠬᠢ ᠶᠢᠨ ᠰᠤᠷᠭᠠᠭᠴᠢ ᠲᠤᠰ ᠲᠤᠰ ᠤᠢ ᠰᠢᠭᠤᠢ ᠨᠤᠳᠤᠭ ᠪᠠᠯᠴᠢᠬᠡᠷ ᠤᠨ ᠭᠠᠯ ᠰᠡᠷᠬᠡᠶᠢᠯᠡᠵᠤ ᠭᠠᠯ ᠤᠠᠳᠠᠷᠠᠭᠠᠬᠤ ᠤᠨᠤᠯ ᠤᠨ ᠮᠡᠳᠡᠯᠬᠡ᠂ ᠭᠠᠯ ᠤᠡᠳᠠᠷᠠᠭᠠᠬᠤ ᠮᠡᠳᠡᠯᠬᠡ ᠶᠢᠨ ᠲᠤᠭᠤᠷᠢᠨ ᠳᠤ ᠲᠠᠶᠢᠯᠤᠮᠵᠢ ᠬᠢᠪᠡ᠃ ᠪᠠᠶᠢᠩᠭᠤ ᠬᠡᠷᠡᠭᠯᠡᠬᠦ ᠭᠠᠯ ᠤᠡᠳᠠᠷᠠᠭᠠᠬᠤ ᠲᠤᠨᠤᠭ ᠲᠦᠬᠦᠬᠡᠷᠤᠮᠵᠢ ᠶᠢᠨ ᠬᠡᠷᠡᠭᠯᠡᠯᠳᠡ᠂ ᠠᠩᠬᠠᠷᠬᠤ ᠵᠥᠢᠯᠡᠰ ᠵᠢᠴᠢ ᠬᠠᠮᠠᠭᠠᠯᠠᠨ ᠠᠷᠠᠴᠢᠯᠠᠬᠤ᠂ ᠨᠤᠳᠤᠭ ᠪᠠᠯᠴᠢᠬᠡᠷ ᠤᠨ ᠭᠠᠯ ᠤᠡᠳᠠᠷᠠᠭᠠᠬᠤ ᠶᠠᠷᠤ ᠶᠢᠨ ᠮᠡᠳᠡᠯᠬᠡ᠂ ᠨᠤᠳᠤᠭ ᠪᠠᠯᠴᠢᠬᠡᠷ ᠎ ᠤᠨ ᠭᠠᠯ ᠤᠡᠳᠠᠷᠠᠭᠠᠬᠤ ᠠᠵᠢᠯ ᠢ ᠵᠤᠬᠢᠶᠠᠨ ᠪᠠᠶᠢᠭᠤᠯᠵᠤ ᠵᠢᠯᠤᠭᠤᠳᠬᠤ ᠵᠢᠴᠢ ᠰᠡᠷᠬᠡᠶᠢᠯᠡᠨ ᠤᠡᠳᠠᠷᠠᠭᠠᠬᠤ ᠠᠷᠭ᠎ᠠ ᠎ ᠶᠢᠨ ᠬᠡᠷᠡᠭᠯᠡᠯᠳᠡ ᠵᠡᠷᠬᠡ ᠠᠭᠤᠯᠭ᠎ᠠ ᠪᠠᠷ ᠬᠠᠭᠠᠰ ᠡᠳᠤᠷ ᠤᠨ ᠬᠤᠭᠤᠴᠠᠭ᠎ᠠ ᠲᠠᠢ ᠭᠠᠯ ᠤᠡᠳᠠᠷᠠᠭᠠᠬᠤ ᠠᠶᠤᠯᠬᠦᠢ ᠶᠢᠨ ᠤᠨᠤᠯ ᠤᠨ ᠮᠡᠳᠡᠯᠬᠡ ᠪᠠ ᠤᠷ᠎ᠠ ᠴᠢᠳᠠᠪᠤᠷᠢ ᠶᠢᠨ ᠪᠤᠯᠪᠠᠰᠤᠷᠠᠯ ᠦᠷᠨᠢᠬᠦᠯᠪᠡ᠃     ᠪᠤᠯᠪᠠᠰᠤᠷᠠᠯ ᠳᠤ ᠪᠠᠰᠠ ᠤᠢ ᠰᠢᠭᠤᠢ ᠨᠤᠳᠤᠭ ᠪᠠᠯᠴᠢᠬᠡᠷ ᠤᠨ ᠭᠠᠯ ᠤᠡᠳᠠᠷᠠᠭᠠᠬᠤ ᠪᠤᠳᠡᠳᠡᠢ ᠰᠦᠷᠢᠯᠳᠠ ᠬᠢᠵᠤ᠂ ᠭᠠᠯ ᠤᠡᠳᠠᠷᠠᠭᠠᠬᠤ ᠮᠠᠰᠢᠨ᠂ ᠭᠠᠯ ᠤᠡᠳᠠᠷᠠᠭᠠᠬᠤ ᠲᠦᠬᠦᠬᠡᠷᠤᠮᠵᠢ ᠶᠢᠨ ᠴᠢᠳᠠᠮᠵᠢ ᠵᠢᠴᠢ ᠬᠡᠷᠡᠭᠯᠡᠬᠦ ᠠᠷᠭ᠎ᠠ ᠎ ᠶᠢᠨ ᠲᠤᠬᠠᠢ ᠠᠬᠤᠢ ᠲᠠᠯᠠᠪᠠᠢ ᠳᠤ ᠪᠤᠳᠠᠳᠡᠢ ᠦᠢᠯᠡᠳᠤᠯᠡᠵᠢᠬᠦᠯᠵᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号