4 ᠰᠠᠷ᠎ᠠ ᠶᠢᠨ 3 ᠤ ᠡᠳᠤᠷ᠂ ᠠᠪᠠᠭ᠎ᠠ ᠬᠤᠰᠢᠭᠤᠨ ᠤ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ | ᠵᠦᠪᠯᠡᠯ ᠲᠦᠷᠤᠬᠦᠯᠡᠨ᠂ ᠬᠤᠰᠢᠭᠤ ᠴᠡᠷᠢᠭ ᠤᠨ ᠠᠯᠪᠠ ᠠᠴᠠ ᠬᠠᠯᠠᠭᠳᠠᠭᠰᠡᠳ ᠤᠨ ᠶᠠᠪᠤᠳᠠᠯ ᠤᠨ ᠲᠤᠪᠴᠢᠶ᠎ᠠ᠂ ᠬᠤᠰᠢᠭᠤ | ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ᠂ ᠬᠤᠰᠢᠭᠤ ᠨᠠᠮ ᠤᠨ ᠬᠤᠷᠢᠶᠠᠨ ᠤ ᠲᠤᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ᠂ ᠬᠤᠰᠢᠭᠤ ᠰᠤᠷᠭᠠᠨ ᠬᠦᠮᠤᠵᠢᠯ ᠤᠨ ᠲᠤᠪᠴᠢᠶ᠎ᠠ | ᠵᠢᠴᠢ ᠡᠯ᠎ᠠ ᠲᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠬᠠᠮᠳᠤ ᠪᠠᠷ ᠬᠤᠪᠢᠰᠬᠠᠯ ᠤᠨ ᠦᠷᠡᠭᠳᠡᠭᠰᠡᠨ | ᠪᠠᠭᠠᠳᠤᠷᠴᠤᠳ ᠤᠨ ᠲᠤᠷᠠᠰᠬᠠᠯ ᠤᠨ ᠬᠦᠰᠢᠶᠠᠨ ᠳᠤ ᠬᠦᠷᠴᠤ᠂ ᠦᠷᠡᠭᠳᠡᠭᠰᠡᠨ ᠪᠠᠭᠠᠳᠤᠷᠴᠤᠳ ᠢᠶᠠᠨ ᠲᠤᠷᠠᠰᠤᠨ | ᠰᠠᠨᠠᠭᠠᠯᠵᠠᠬᠤ ᠠᠵᠢᠯᠯᠠᠭ᠎ᠠ ᠦᠷᠨᠢᠬᠦᠯᠪᠡ᠃ | | ᠠᠵᠢᠯᠯᠠᠭ᠎ᠠ ᠨᠢ ︽ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠰᠦᠯᠳᠠ ᠲᠠᠭᠤᠤ︾ ᠶᠢᠨ ᠲᠤᠮᠳᠠ | ᠬᠦᠰᠢᠬᠡ ᠪᠠᠨ ᠰᠠᠬᠦᠵᠤ᠂ ᠠᠬᠤᠢ ᠲᠠᠯᠠᠪᠠᠢ ᠶᠢᠨ ᠬᠦᠮᠤᠰ ᠲᠦᠪ ᠴᠢᠩᠭ᠎ᠠ ᠪᠠᠷ ᠬᠤᠪᠢᠰᠬᠠᠯ ᠤᠨ ᠦᠷᠡᠭᠳᠡᠭᠰᠡᠨ | ᠪᠠᠭᠠᠳᠤᠷᠴᠤᠳ ᠲᠤ ᠭᠤᠷᠪᠠᠨᠳᠡ ᠶᠤᠰᠤᠯᠠᠵᠤ᠂ ᠰᠤᠷᠤᠭᠴᠢᠳ ᠤᠨ ᠲᠦᠯᠤᠬᠡᠯᠡᠭᠴᠢ ᠵᠢᠴᠢ ︽ᠲᠠᠪᠤᠨ ᠠᠬᠠᠮᠠᠳ︾ ᠤᠨ | ᠲᠦᠯᠤᠬᠡᠯᠡᠭᠴᠢ ᠠᠴᠠ ᠴᠡᠴᠡᠭᠳᠤ ᠰᠠᠭᠰᠤ ᠬᠦᠷᠬᠡᠪᠡ᠃ ᠠᠵᠢᠯᠯᠠᠭ᠎ᠠ ᠤᠨ ︽ᠲᠠᠪᠤᠨ ᠠᠬᠠᠮᠠᠳ︾ ᠤᠨ ᠲᠦᠯᠤᠬᠡᠯᠡᠭᠴᠢ ᠠᠴᠠ | ᠦᠷᠡᠭᠳᠡᠭᠰᠡᠨ ᠪᠠᠭᠠᠳᠤᠷᠴᠤᠳ ᠤᠨ ᠦᠯᠢᠬᠡᠷ ᠲᠡᠤᠬᠡ ᠶᠢ ᠶᠠᠷᠢᠵᠤ᠂ ᠲᠠᠳᠠᠨ ᠤ ᠪᠠᠭᠠᠳᠤᠷᠯᠢᠭ ᠦᠢᠯᠡ ᠠᠵᠢᠯᠯᠠᠭ᠎ᠠ ᠶᠢ ᠨᠠᠩ | ᠬᠦᠡᠵᠡᠬᠡᠢ ᠦᠢᠯᠠᠭᠠᠭᠤᠯᠵᠠᠢ᠃ | | ᠲᠤᠰ ᠤᠳᠠᠭᠠᠨ ᠤ ᠠᠵᠢᠯᠯᠠᠭ᠎ᠠ ᠨᠢ ᠦᠷᠡᠭᠳᠡᠭᠰᠡᠨ ᠪᠠᠭᠠᠳᠤᠷᠴᠤᠳ ᠢᠶᠠᠨ ᠲᠤᠷᠠᠰᠤᠨ ᠰᠠᠨᠠᠭᠠᠯᠵᠠᠵᠤ᠂ ᠬᠤᠪᠢᠰᠬᠠᠯ | ᠤᠨ ᠢᠷᠡᠭᠤ ᠠᠯᠳᠠᠷᠳᠤ ᠤᠯᠠᠮᠵᠢᠯᠠᠯ ᠢ ᠵᠠᠯᠭᠠᠮᠵᠢᠯᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠤᠷᠢᠭ ᠰᠠᠨᠠᠭ᠎ᠠ ᠶᠢ | ᠪᠠᠳᠠᠷᠠᠭᠤᠯᠬᠤ ᠶᠢᠨ ᠲᠦᠯᠤᠬᠡ ᠶᠤᠮ᠃ ᠮᠦᠡᠴᠤ ᠦᠷᠡᠭᠳᠡᠭᠰᠡᠨ ᠪᠠᠭᠠᠳᠤᠷᠴᠤᠳ ᠢᠶᠠᠨ ᠬᠢᠵᠠᠭᠠᠯᠠᠰᠢ ᠦᠬᠡᠢ ᠬᠦᠡᠳᠤᠳᠬᠡᠨ | ᠪᠢᠰᠢᠷᠠᠵᠤ ᠪᠠᠶᠢᠬᠤ ᠪᠠ ᠡᠮᠬᠡᠨᠢᠨ ᠭᠠᠰᠢᠭᠤᠳᠠᠵᠤ ᠪᠠᠶᠢᠬᠤ ᠰᠡᠳᠬᠢᠯᠬᠡ ᠪᠠᠨ ᠢᠯᠡᠷᠬᠡᠶᠢᠯᠡᠬᠦ ᠶᠢᠨ ᠬᠠᠮᠳᠤ ᠲᠤᠮᠳᠠᠳᠤ ᠶᠢᠨ | ᠦᠡᠳᠤᠰᠤᠳᠠᠨ ᠤ ᠠᠭᠤᠤ ᠶᠡᠭᠡ ᠰᠡᠷᠬᠦᠨ ᠮᠠᠡᠳᠤᠯᠳᠠ ᠶᠢ ᠪᠠᠶᠠᠯᠠᠬᠦᠯᠬᠦ ᠶᠢᠨ ᠲᠦᠯᠤᠬᠡ ᠴᠢᠷᠮᠠᠶᠢᠨ ᠲᠠᠮᠠᠴᠠᠬᠦ ᠢᠳᠡᠬᠡᠯ ᠵᠤᠷᠢᠭ | ᠢᠶᠠᠨ ᠨᠠᠩ ᠪᠠᠳᠤᠳᠬᠠᠪᠠ᠃ | | ᠦᠷᠡᠭᠳᠡᠭᠰᠡᠨ ᠪᠠᠭᠠᠳᠤᠷᠴᠤᠳ ᠢᠶᠠᠷ ᠲᠠᠭᠤᠷᠢᠶᠠᠯ ᠪᠤᠯᠭᠠᠵᠤ᠂ ᠬᠤᠪᠢᠰᠬᠠᠯ ᠤᠨ ᠵᠤᠷᠢᠭ ᠰᠠᠨᠠᠭ᠎ᠠ ᠶᠢ ᠵᠠᠯᠭᠠᠮᠵᠢᠯᠠᠨ | ᠪᠠᠳᠠᠷᠠᠭᠤᠯᠤᠨ᠎ᠠ ᠬᠡᠵᠤ ᠠᠵᠢᠯᠯᠠᠭ᠎ᠠ ᠳᠤ ᠤᠷᠤᠯᠴᠠᠭᠰᠡᠳ ᠢᠯᠠᠷᠬᠡᠶᠢᠯᠡᠵᠡᠬᠡᠭᠰᠡᠨ ᠤ ᠬᠠᠮᠳᠤ ᠬᠡᠤᠬᠡᠳ ᠤᠨ ᠴᠡᠴᠡᠷᠯᠢᠭ ᠤᠨ | ᠪᠢᠴᠢᠬᠠᠨ ᠨᠠᠶᠢᠵᠠ ᠨᠠᠷ ᠠᠴᠠ ᠵᠢᠷᠤᠭ ᠵᠢᠷᠤᠵᠤ᠂ ᠨᠤᠳᠤᠭ ᠤᠰᠤᠨ ᠤ ᠪᠠᠨ ᠬᠦᠭᠵᠢᠯᠳᠠ ᠪᠤᠯᠤᠨ ᠡᠬᠡ ᠤᠯᠤᠰ ᠤᠨ ᠢᠶᠠᠨ | ᠬᠦᠭᠵᠢᠯᠳᠠ ᠶᠢᠨ ᠲᠤᠬᠠᠢ ᠰᠠᠶᠢᠨ ᠰᠠᠶᠢᠬᠠᠨ ᠬᠦᠰᠠᠯ ᠡᠷᠠᠮᠠᠯᠵᠠᠯ ᠢᠶᠠᠨ ᠢᠯᠡᠳᠬᠡᠵᠡᠢ᠃ | |