ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠦ᠋ ᠴᠢᠩ ᠬᠤᠸᠠ ᠠᠪᠠᠭ᠎ᠠ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/8
     3 ᠰᠠᠷ᠎ᠠ ᠶᠢᠨ 26᠎ ᠤ ᠡᠳᠦᠷ ᠠᠴᠠ 28᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠦ᠋ ᠴᠢᠩ ᠬᠤᠸᠠ ᠠᠪᠠᠭ᠎ᠠ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃      ᠦ᠋ ᠴᠢᠩ ᠬᠤᠸᠠ ᠤᠷᠢᠳ ᠬᠤᠵᠢᠳ ᠠᠵᠤ ᠠᠬᠤᠶᠢᠯᠠᠯ᠂ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠤᠨ ᠠᠵᠢᠯ ᠮᠡᠷᠭᠡᠵᠢᠯ ᠤᠨ ᠮᠠᠯᠴᠢᠳ᠂ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠡᠲᠡᠭᠡᠳ ᠤᠨ ᠭᠡᠷ ᠲᠤ ᠭᠦᠨᠵᠡᠭᠡᠶᠢᠷᠡᠵᠦ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠢ ᠲᠤᠰᠠᠯᠠᠬᠤ᠂ ᠠᠳᠠᠯ ᠦᠢᠯᠡᠰ ᠴᠣᠭᠴᠠᠯᠠᠬᠤ ᠂ ᠠᠵᠢᠯ ᠣᠯᠭᠤᠬᠤ ᠪᠣᠯᠪᠠᠰᠤᠷᠠᠯ᠂ ᠠᠳᠠᠯ ᠦᠢᠯᠡᠰ ᠴᠣᠭᠴᠠᠯᠠᠬᠤ ᠵᠢᠭᠡᠯᠡᠯᠭᠡ᠂ ᠮᠠᠯᠴᠢᠳ ᠤᠨ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠡᠦ ᠴᠢᠩ ᠬᠤᠸᠠ ᠴᠢᠬᠤᠯᠠᠴᠢᠯᠠᠭᠰᠠᠨ ᠨᠢ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠨᠢᠭᠡ ᠲᠠᠯ᠎ᠠ ᠨᠢ ᠬᠥᠭᠵᠢᠯᠲᠡ ᠲᠠᠢ ᠬᠤᠯᠪᠣᠯᠳᠤᠵᠤ᠂ ᠨᠥᠭᠦᠭᠡ ᠲᠠᠯ᠎ᠠ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ ᠪᠠᠶᠢᠳᠠᠭ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠲᠦᠷᠦᠯ ᠵᠦᠢᠯ ᠤᠨ ᠲᠠᠪᠴᠠᠩ᠂ ᠰᠤᠯᠠ ᠠᠵᠢᠯ ᠤᠨ ᠵᠠᠬ᠎ᠠ ᠳᠡᠯᠭᠡᠭᠦᠷ᠂ ᠬᠥᠮᠦᠨ ᠤ ᠬᠦᠴᠦᠨ ᠤ ᠡᠬᠢ ᠪᠠᠶᠠᠯᠢᠭ᠂ ᠦᠢᠯᠡᠰ ᠪᠤᠰᠬᠠᠬᠤ ᠵᠢᠭᠡᠯᠡᠯᠭᠡ᠂ ᠬᠥᠳᠡᠯᠮᠦᠷᠢ ᠶᠢᠨ ᠡᠷᠬᠡ ᠪᠠᠨ ᠬᠠᠮᠠᠭᠠᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠢᠯᠡᠰ ᠪᠤᠰᠬᠠᠬᠤ ᠶᠢ ᠵᠢᠯᠣᠭᠤᠳᠬᠤ᠂ ᠪᠣᠯᠪᠠᠰᠤᠷᠠᠭᠤᠯᠬᠤ ᠶᠢ ᠵᠣᠯᠭᠠᠭᠤᠯᠬᠤ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠬᠡᠷᠡᠭᠲᠡᠢ︔ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠴᠢᠳᠠᠪᠤᠷᠢᠲᠠᠨ ᠢ ᠪᠣᠯᠪᠠᠰᠤᠷᠠᠭᠤᠯᠬᠤ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠶᠢ ᠤᠨᠢᠨ ᠳᠡᠭᠡᠷ᠎ᠡ ᠨᠢ ᠥᠷᠨᠢᠭᠦᠯᠵᠦ᠂ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠲᠤᠬᠢᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ︔ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠭᠠᠵᠠᠷ ᠣᠷᠣᠨ ᠤ ᠪᠣᠳᠠᠲᠤ ᠪᠠᠶᠢᠳᠠᠯ ᠪᠣᠯᠤᠨ ᠠᠵᠤ ᠠᠬᠤᠶᠢᠯᠠᠯ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠴᠢᠳᠠᠪᠬᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠢᠳᠡᠪᠬᠢᠵᠢᠯ ᠢ ᠭᠦᠢᠴᠡᠳ ᠳᠠᠶᠢᠴᠢᠯᠠᠵᠤ᠂ ︽ᠵᠠᠰᠠᠭ ᠪᠠᠩᠬᠢ ᠠᠵᠤ ᠠᠬᠤᠶᠢᠯᠠᠯ︾᠎ ᠢ ᠵᠣᠯᠭᠠᠭᠤᠯᠬᠤ ᠲᠠᠪᠴᠠᠩ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠪᠠᠩᠬᠢ᠂ ᠳᠠᠭᠠᠳᠬᠠᠯ᠂ ᠳᠠᠭᠠᠭᠠᠯᠲᠠ ᠵᠡᠷᠭᠡ ᠴᠢᠳᠠᠮᠵᠢ ᠶᠢ ᠨᠢᠭᠡᠳᠦᠯᠲᠡᠢ ᠲᠥᠯᠥᠪᠵᠢᠭᠦᠯᠵᠦ᠂ ᠪᠡᠯᠡ ᠮᠥᠩᠭᠦᠨ ᠤ ᠬᠡᠯᠬᠢᠶᠠᠵᠢᠯ᠂ ᠴᠢᠳᠠᠪᠤᠷᠢᠲᠠᠨ ᠤ ᠬᠡᠯᠬᠢᠶᠡᠵᠢᠯ᠂ ᠠᠵᠤ ᠦᠢᠯᠡᠰ ᠤᠨ ᠬᠡᠯᠬᠢᠶᠡᠵᠢᠯ ᠤᠨ ᠭᠦᠨᠵᠡᠭᠡᠢ ᠠᠭᠤᠰᠤᠯᠴᠠᠯ ᠢ ᠶᠡᠬᠡᠪᠡᠷ ᠠᠬᠢᠭᠤᠯᠬᠤ ᠬᠡᠷᠡᠭᠲᠡᠢ᠃      ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠬᠠᠨ ᠭᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号