ᠲᠤᠤ ᠹᠧᠨ ᠰᠠᠭᠤᠷᠢ ᠮᠥᠩᠭᠦᠨ ᠤ ᠨᠡᠶᠢᠭᠡᠮᠯᠢᠭ ᠠᠴᠠ ᠠᠪᠠᠭ᠎ᠠ ᠬᠤᠰᠢᠭᠤᠨ ᠳᠤ ᠭᠤᠷᠪᠠᠳᠤᠭᠠᠷ ᠬᠤᠭᠤᠴᠠᠭᠠᠨ ᠤ ᠪᠦᠬᠦ ᠠᠷᠠᠳ ᠤᠨ ᠤᠩᠰᠢᠯᠭ᠎ᠠ ᠶᠢᠨ ᠬᠤᠷᠠᠯ ᠤᠨ ︽  ᠰᠤᠷᠪᠤᠯᠵᠢᠳᠤ ᠠᠭᠤᠷ ᠠᠮᠢᠰᠬᠤᠯ ᠢ ᠲᠦᠬᠡᠬᠡᠨ ᠲᠡᠯᠬᠡᠷᠡᠬᠦᠯᠬᠦ︾ ᠨᠣᠮ ᠪᠢᠴᠢᠭ ᠬᠠᠨᠳᠢᠪᠯᠠᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/4/8
     3 ᠰᠠᠷ᠎ᠠ ᠶᠢᠨ 31 ᠤ ᠡᠳᠦᠷ᠂ ᠲᠤᠤ ᠹᠧᠨ ᠰᠠᠭᠤᠷᠢ ᠮᠥᠩᠭᠦᠨ ᠤ ᠨᠡᠶᠢᠭᠡᠮᠯᠢᠭ ᠠᠴᠠ ᠠᠪᠠᠭ᠎ᠠ ᠬᠤᠰᠢᠭᠤᠨ ᠳᠤ ᠭᠤᠷᠪᠠᠳᠤᠭᠠᠷ ᠬᠤᠭᠤᠴᠠᠭᠠᠨ ᠤ ᠪᠦᠬᠦ ᠠᠷᠠᠳ ᠤᠨ ᠤᠩᠰᠢᠯᠭ᠎ᠠ ᠶᠢᠨ ᠬᠤᠷᠠᠯ ᠤᠨ ︽ ᠰᠤᠷᠪᠤᠯᠵᠢᠳᠤ ᠠᠭᠤᠷ ᠠᠮᠢᠰᠬᠤᠯ ᠢ ᠲᠦᠬᠡᠬᠡᠨ ᠲᠡᠯᠬᠡᠷᠡᠬᠦᠯᠬᠦ︾ ᠨᠣᠮ ᠪᠢᠴᠢᠭ ᠬᠠᠨᠳᠢᠪᠯᠠᠬᠤ ᠶᠣᠰᠣᠯᠠᠯ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠠᠩᠴᠣᠭᠲᠤ᠂ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠰᠤᠷᠭᠠᠭᠤᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃      ᠲᠣᠰ ᠤᠳᠠᠭᠠᠨ ᠤ ᠨᠣᠮ ᠪᠢᠴᠢᠭ ᠬᠠᠨᠳᠢᠪᠯᠠᠬᠤ ᠠᠵᠢᠯᠯᠠᠭ᠎ᠠ ᠶᠢᠨ ᠭᠤᠤᠯ ᠰᠡᠳᠦᠪ ᠪᠣᠯ ︽ᠰᠤᠷᠪᠤᠯᠵᠢᠳᠤ ᠠᠭᠤᠷ ᠠᠮᠢᠰᠬᠤᠯ ᠢ ᠲᠦᠬᠡᠬᠡᠨ ᠲᠡᠯᠬᠡᠷᠡᠬᠦᠯᠬᠦ︾ ᠪᠤᠯᠤᠨ᠎ᠠ᠃ ᠳᠠᠷᠤᠶ ᠪᠥᠬᠦ ᠤᠯᠤᠰ ᠤᠨ ᠬᠡᠪᠯᠡᠯ ᠤᠨ ᠬᠦᠷᠢᠶ᠎ᠡ ᠬᠡᠪᠴᠢᠶᠠᠨ ᠤ ᠬᠠᠶᠢᠷ᠎ᠠ ᠬᠠᠯᠠᠮᠵᠢ ᠶᠢ ᠨᠢᠭᠲᠠᠷᠠᠭᠤᠯᠵᠤ᠂ ᠬᠠᠷᠢᠯᠴᠠᠨ ᠬᠠᠪᠰᠤᠷᠤᠯᠴᠠᠬᠤ᠂ ᠪᠠᠶᠠᠷ ᠪᠠᠭ᠋ᠠᠳᠤᠯ ᠲᠠᠢ ᠴᠠᠶᠢᠯᠭᠠᠨ ᠴᠠᠭᠠᠪᠣᠷ ᠲᠤᠰᠠᠴᠢ ᠡᠨᠡᠷᠢᠯ ᠲᠠᠢ ᠶᠤᠰᠤ ᠰᠤᠷᠳᠠᠬᠤᠨ ᠢ ᠤᠯᠠᠮᠵᠢᠯᠠᠨ ᠪᠠᠳᠠᠷᠠᠭᠤᠯᠵᠤ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠪᠠ ᠵᠡᠮᠳᠡᠭ ᠬᠥᠮᠦᠨ ᠵᠡᠷᠭᠡ ᠣᠨᠴᠠᠭᠠᠶ ᠤᠩᠰᠢᠭᠴᠢ ᠨᠠᠷ ᠲᠤ ᠣᠶᠤᠨ ᠰᠠᠨᠠᠭᠠᠨ ᠤ ᠲᠠᠯ᠎ᠠ ᠪᠠᠷ ᠵᠣᠷᠢᠭᠵᠢᠭᠤᠯᠤᠯ ᠪᠤᠯᠭᠠᠵᠤ᠂ ᠨᠣᠮ ᠪᠢᠴᠢᠭ ᠠᠴᠠ ᠭᠡᠭᠡᠨ ᠰᠠᠷᠠᠭᠤᠯ ᠮᠦᠷᠤᠭᠡᠳᠤᠯ ᠢᠶᠠᠨ ᠴᠤᠭᠴᠠᠯᠠᠵᠤ᠂ ᠠᠮᠢᠳᠤᠷᠡᠯ ᠢᠶᠠᠨ ᠭᠡᠷᠡᠯᠳᠤᠬᠦᠯᠬᠦ ᠶᠠᠪᠤᠳᠠᠯ ᠪᠣᠯᠤᠨ᠎ᠠ᠃      ᠶᠣᠰᠣᠯᠠᠯ ᠳᠡᠭᠡᠷ᠎ᠡ᠂ ᠲᠤᠤ ᠹᠧᠨ ᠰᠠᠭᠤᠷᠢ ᠮᠥᠩᠭᠦ ᠠᠴᠠ ᠠᠪᠠᠭ᠎ᠠ ᠬᠤᠰᠢᠭᠤᠨ ᠳᠤ ᠨᠣᠮ ᠪᠢᠴᠢᠭ ᠪᠡᠯᠡᠭᠯᠡᠨ ᠬᠦᠷᠭᠡᠭᠰᠡᠨ ᠪᠥᠭᠡᠳ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢᠳ ᠲᠤ ᠨᠣᠮ ᠪᠢᠴᠢᠭ ᠬᠦᠷᠭᠡᠪᠡ᠃ ᠳᠤᠮᠳᠠᠳᠤ ᠤᠯᠤᠰ ᠤᠨ ᠲᠤᠤ ᠹᠧᠨ ᠰᠠᠭᠤᠷᠢ ᠮᠥᠩᠭᠦᠨ ᠤ ᠨᠡᠶᠢᠭᠡᠮᠯᠢᠭ ᠠᠴᠠ᠂ ᠤᠷᠤᠰᠬᠠᠯ ᠨᠡᠶᠢᠯᠡᠪᠡᠯ ᠭᠤᠣᠯ ᠪᠣᠯᠵᠤ᠂ ᠣᠯᠠᠨ ᠨᠢᠭᠡᠳᠦᠪᠡᠯ ᠬᠦᠰᠡᠯ ᠪᠣᠯᠣᠨ᠎ᠠ ᠭᠡᠵᠦ ᠰᠡᠳᠬᠢᠯ ᠢᠶᠠᠨ ᠢᠯᠡᠳᠭᠡᠪᠡ᠃ ᠲᠣᠰ ᠤᠳᠠᠭᠠᠨ ᠤ ︽ᠰᠤᠷᠪᠤᠯᠵᠢᠳᠤ ᠠᠭᠤᠷ ᠠᠮᠢᠰᠬᠤᠯ ᠢ ᠲᠦᠬᠡᠬᠡᠨ ᠲᠡᠯᠬᠡᠷᠡᠬᠦᠯᠬᠦ︾ ᠨᠣᠮ ᠪᠢᠴᠢᠭ ᠬᠠᠨᠳᠢᠪᠯᠠᠬᠤ ᠠᠵᠢᠯᠯᠠᠭ᠎ᠠ ᠨᠢ ᠪᠥᠬᠦ ᠤᠯᠤᠰ ᠤᠨ ᠬᠡᠪᠯᠡᠯ ᠤᠨ ᠬᠦᠷᠢᠶ᠎ᠡ ᠬᠡᠪᠴᠢᠶᠠᠨ ᠤ ᠬᠠᠶᠢᠷ᠎ᠠ ᠬᠠᠯᠠᠮᠵᠢ ᠶᠢ ᠨᠢᠭᠲᠠᠷᠠᠭᠤᠯᠵᠤ᠂ ᠬᠦᠮᠤᠰ ᠤᠨ ᠢᠳᠡᠬᠡᠯ ᠵᠤᠷᠢᠭ ᠢ ᠬᠦᠪᠴᠢᠯᠡᠨ᠂ ᠠᠮᠢᠳᠤᠷᠡᠯ ᠳᠤᠨᠢ ᠬᠡᠷᠡᠯ ᠭᠡᠭᠡ ᠪᠤᠯᠵᠤ᠂ ︽ᠰᠤᠷᠪᠤᠯᠵᠢᠳᠤ ᠠᠭᠤᠷ ᠠᠮᠢᠰᠬᠤᠯ ᠢ ᠲᠦᠬᠡᠬᠡᠨ ᠲᠡᠯᠬᠡᠷᠡᠬᠦᠯᠬᠦ︾ ᠪᠠᠷ ᠲᠠᠮᠵᠢᠨ ᠪᠦᠬᠦ ᠠᠷᠡᠳ ᠤᠨ ᠲᠤᠮᠳᠠ ᠨᠤᠮ ᠤᠩᠰᠢᠯᠭ᠎ᠠ ᠶᠢᠨ ᠠᠭᠤᠷ ᠠᠮᠢᠰᠬᠤᠯ ᠢ ᠴᠤᠭᠴᠠᠯᠠᠬᠤ ᠦᠢᠯᠡᠳᠤᠯ ᠢᠶᠠᠨ ᠪᠠᠳᠠᠷᠠᠭᠤᠯᠤᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠲᠤᠤ ᠹᠧᠨ ᠰᠠᠭᠤᠷᠢ ᠮᠥᠩᠭᠦᠨ ᠤ ᠨᠡᠶᠢᠭᠡᠮᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠬᠠᠮᠢᠶᠠᠷᠴᠤ ᠪᠠᠶᠢᠭ᠎ᠠ ᠪᠦᠬᠦ ᠤᠯᠤᠰ ᠤᠨ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠮᠥᠨ᠂ ᠮᠠᠨ ᠤ ᠤᠯᠤᠰ ᠤᠨ ᠰᠣᠨᠢᠨ ᠮᠡᠳᠡᠭᠡ ᠬᠡᠪᠯᠡᠯ ᠤᠨ ᠡᠲᠡᠭᠡᠳ ᠤᠨ ᠴᠣᠷ ᠤᠨ ᠭᠠᠭᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠮᠥᠩᠭᠦᠨ ᠤ ᠨᠡᠶᠢᠭᠡᠮᠯᠢᠭ ᠮᠥᠨ᠃ ᠲᠣᠰ ᠤᠳᠠᠭᠠᠨ ᠤ ᠮᠠᠨ ᠤ ᠬᠤᠰᠢᠭᠤᠨ ᠳᠤ ᠬᠠᠨᠳᠢᠪᠯᠠᠭᠰᠠᠨ ᠨᠣᠮ ᠪᠢᠴᠢᠭ ᠤᠨ ᠠᠭᠤᠯᠭ᠎ᠠ ᠨᠢ ᠤᠳᠬ᠎ᠠ ᠵᠣᠬᠢᠶᠠᠯ᠂ ᠤᠷᠠᠯᠢᠭ᠂ ᠲᠡᠤᠬᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠵᠢᠷᠤᠭᠲᠤ ᠳᠡᠪᠲᠡᠷ ᠵᠡᠷᠭᠡ ᠣᠯᠠᠨ ᠲᠥᠷᠥᠯ ᠵᠦᠢᠯ ᠢ ᠬᠠᠮᠤᠷᠴᠤ᠂ ᠥᠷᠲᠡᠭ ᠨᠢ 9911.00 ᠲᠥᠭᠦᠷᠢᠭ ᠪᠣᠯᠤᠨ᠎ᠠ᠃ ᠡᠭᠦᠨ ᠤ ᠵᠣᠷᠢᠯᠭ᠎ᠠ ᠨᠢ ᠨᠣᠮ ᠪᠢᠴᠢᠭ ᠪᠡᠯᠡᠭᠯᠡᠨ ᠬᠦᠷᠭᠡᠬᠦ᠂ ᠰᠣᠶᠣᠯ ᠤᠯᠠᠮᠵᠢᠯᠠᠬᠤ ᠠᠷᠭ᠎ᠠ ᠬᠡᠯᠪᠡᠷᠢ ᠪᠠᠷ ᠠᠪᠠᠭ᠎ᠠ ᠬᠤᠰᠢᠭᠤᠨ ᠤ ᠠᠷᠠᠳ ᠣᠯᠠᠨ ᠳᠤ ᠡᠯᠪᠡᠭ ᠪᠠᠶᠠᠯᠢᠭ ᠣᠶᠤᠨ ᠰᠠᠨᠠᠭᠠᠨ ᠤ ᠰᠢᠮ᠎ᠡ ᠬᠦᠷᠭᠡᠵᠦ᠂ ᠭᠦᠨ ᠵᠤᠵᠠᠭᠠᠨ ᠤᠩᠰᠢᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠨ᠂ ᠨᠠᠩ ᠣᠯᠠᠨ ᠤᠩᠰᠢᠭᠴᠢᠳ ᠲᠤ ᠤᠩᠰᠢᠯᠭ᠎ᠠ ᠶᠢᠨ ᠪᠠᠶᠠᠷ ᠪᠠᠶᠠᠰᠤᠯ ᠢ ᠦᠢᠯᠠᠭᠠᠭᠤᠯᠵᠤ᠂ ᠨᠤᠮ ᠤᠩᠰᠢᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠴᠢᠨᠠᠭᠰᠢᠳᠠ ᠬᠦᠡᠵᠡᠬᠡᠶᠢᠷᠡᠬᠦᠯᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号