ᠲᠤᠭᠤᠷᠢᠨ ᠪᠠᠶᠢᠴᠠᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/9
     ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠳᠤᠭᠠᠳᠤ ᠶᠢᠨ ᠬᠢᠨᠠᠯᠳᠠ  ᠲᠠᠯᠪᠢᠬᠤ  ᠲᠦᠷᠢᠮ︾  ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾ ᠎ ᠢ ᠦᠡᠳᠤᠰᠤᠯᠡᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠤᠨ ᠡᠷᠬᠡ ᠤᠯᠭᠤᠭᠰᠡᠨ ᠭᠠᠴᠠᠭ᠎ᠠ ᠲᠤᠰᠬᠤᠨ ᠢ ᠲᠤᠭᠤᠷᠢᠨ ᠪᠠᠶᠢᠴᠠᠭᠠᠬᠤ ᠲᠤᠷᠰᠢᠯᠳᠠ ᠶᠢᠨ  ᠠᠵᠢᠯ ᠤᠨ ᠱᠠᠭᠠᠷᠳᠠᠯᠭ᠎ᠠ ᠶᠢ ᠦᠡᠳᠤᠰᠤᠯᠡᠨ᠂ ᠬᠤᠰᠢᠭᠤ ᠨᠠᠮ ᠤᠨ ᠬᠤᠷᠢᠶᠠᠨ ᠤ ᠨᠢᠬᠡᠳᠤᠯᠳᠡᠢ ᠪᠠᠶᠢᠷᠢᠯᠠᠭᠤᠯᠤᠯᠳᠠ ᠶᠤᠰᠤᠭᠠᠷ᠂ ᠪᠡᠯᠬᠦᠳᠡᠢ ᠪᠠᠯᠭᠠᠰᠤᠨ ᠤ ᠰᠠᠶᠢᠬᠠᠡᠳᠦ᠋ᠮᠠᠨ ᠭᠠᠴᠠᠭ᠎ᠠ᠂ ᠠᠯᠳᠠᠡᠬᠠᠩᠭᠠᠢ ᠭᠠᠴᠠᠭ᠎ᠠ ᠳᠤ ᠪᠠᠶᠢᠩᠭᠤ ᠶᠢᠨ ᠲᠤᠭᠤᠷᠢᠨ ᠪᠠᠶᠢᠴᠠᠭᠠᠯᠳᠠ ᠦᠷᠨᠢᠬᠦᠯᠤᠨ᠎ᠠ᠃      ᠲᠤᠭᠤᠷᠢᠨ ᠪᠠᠶᠢᠴᠠᠭᠠᠬᠤ ᠲᠤᠭᠤᠶᠢᠯᠠᠩ ᠨᠢ ᠨᠠᠮ ᠤᠨ ᠲᠦᠪ ᠬᠤᠷᠢᠶᠠᠨ ᠤ ᠡᠯ᠎ᠠ ᠵᠥᠢᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠭᠠᠴᠠᠭ᠎ᠠ ᠳᠤ ᠨᠠᠶᠢᠳᠠᠪᠤᠷᠢᠵᠢᠭᠤᠯᠤᠭᠰᠡᠨ ᠪᠠᠶᠢᠳᠠᠯ᠂ ᠨᠠᠮ ᠤᠨ ᠬᠡᠰᠢᠬᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠲᠤᠰᠢᠶᠠᠯ ᠢᠶᠠᠨ ᠬᠦᠢᠴᠡᠳᠬᠡᠵᠤ᠂ ᠡᠬᠦᠷᠬᠡ ᠬᠠᠷᠢᠭᠤᠴᠠᠯᠭ᠎ᠠ ᠪᠠᠨ ᠡᠬᠦᠷᠬᠡᠯᠡᠨ ᠪᠤᠳᠠᠳᠡᠢ ᠠᠵᠢᠯ ᠬᠢᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠰᠢᠢᠳᠪᠤᠷᠢᠯᠡᠭᠰᠡᠨ ᠪᠠᠶᠢᠳᠠᠯ᠂ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢᠨ ᠪᠠᠶᠢᠳᠠᠯ᠂ ᠡᠯ᠎ᠠ ᠲᠦᠷᠤᠯ ᠤᠨ ᠬᠢᠨᠡᠯᠳᠡ ᠳᠤ ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠡᠨ ᠪᠠ ᠦᠷ᠎ᠠ ᠪᠦᠳᠤᠬᠡᠯ ᠢ ᠬᠡᠷᠡᠭᠯᠡᠭᠰᠡᠨ ᠪᠠᠶᠢᠳᠠᠯ ᠳᠤ ᠲᠦᠪᠯᠡᠷᠡᠬᠦᠯᠤᠨ ᠬᠢᠨᠠᠯᠳᠠ ᠲᠠᠯᠪᠢᠨ᠎ᠠ᠃ ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠭᠤᠷᠢᠨ ᠪᠠᠶᠢᠴᠠᠭᠠᠬᠤ ᠲᠤᠭᠤᠶᠢᠯᠠᠩ ᠨᠢ ᠭᠤᠤᠯᠳᠠᠭᠤ ᠡᠯ᠎ᠠ ᠲᠤᠭᠤᠷᠢᠨ ᠪᠠᠶᠢᠴᠠᠭᠠᠭᠳᠠᠵᠤ ᠪᠠᠶᠢᠭ᠎ᠠ ᠭᠠᠴᠠᠭᠠᠨ ᠤ ᠤᠳᠤᠷᠢᠳᠬᠤ ᠪᠠᠭ ᠵᠢᠴᠢ ᠪᠠᠭ ᠤᠨ ᠬᠡᠰᠢᠬᠦᠨ᠂ ᠴᠢᠬᠤᠯᠠ ᠠᠵᠢᠯ ᠤᠨ ᠪᠠᠶᠢᠷᠢ ᠶᠢᠨ ᠬᠦᠮᠤᠰ ᠎ ᠤᠨ ᠲᠤᠬᠠᠢ ᠲᠤᠰᠬᠠᠭᠰᠡᠨ ᠤᠳᠠᠰᠤ ᠵᠡᠬᠢᠳᠠᠯ ᠰᠤᠷᠪᠤᠯᠵᠢᠯᠠᠭ᠎ᠠ ᠶᠢ ᠬᠦᠯᠢᠶᠠᠨ ᠠᠪᠴᠤ ᠰᠢᠢᠳᠪᠤᠷᠢᠯᠡᠨ᠎ᠠ᠃ ᠭᠤᠤᠯᠳᠠᠭᠤ ᠤᠯᠤᠰ ᠲᠦᠷᠤ ᠶᠢᠨ ᠰᠠᠬᠢᠯᠭ᠎ᠠ ᠪᠠᠳᠤ᠂ ᠵᠤᠬᠢᠶᠠᠨ ᠪᠠᠶᠢᠭᠤᠯᠤᠯᠳᠠ ᠶᠢᠨ ᠰᠠᠬᠢᠯᠭ᠎ᠠ ᠪᠠᠳᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠳᠤ᠂ ᠤᠯᠠᠨ ᠲᠦᠮᠡᠡᠴᠢ ᠰᠠᠬᠢᠯᠭ᠎ᠠ ᠪᠠᠳᠤ᠂ ᠠᠵᠢᠯ ᠤᠨ ᠰᠠᠬᠢᠯᠭ᠎ᠠ ᠪᠠᠳᠤ᠂ ᠠᠮᠢᠳᠤᠷᠡᠯ ᠎ ᠤᠨ ᠰᠠᠬᠢᠯᠭ᠎ᠠ ᠪᠠᠳᠤ ᠶᠢ ᠵᠦᠷᠢᠴᠡᠭᠰᠡᠨ ᠵᠡᠷᠬᠡ ᠲᠠᠯ᠎ᠠ ᠶᠢᠨ ᠢᠯᠠᠴᠢᠯᠡᠨ ᠮᠡᠳᠡᠬᠦᠯᠤᠯᠳᠠ ᠪᠠ ᠲᠤᠰᠬᠠᠯ ᠢ ᠬᠦᠯᠢᠶᠠᠨ ᠠᠪᠤᠨ᠎ᠠ᠃ ᠲᠤᠭᠤᠷᠢᠨ ᠪᠠᠶᠢᠴᠠᠭᠠᠬᠤ ᠠᠵᠢᠯ ᠤᠨ ᠰᠢᠢᠳᠪᠤᠷᠢᠯᠡᠬᠦ ᠬᠡᠪᠴᠢᠶᠠᠨ ᠳᠤ ᠪᠠᠭᠳᠠᠬᠤ ᠦᠬᠡᠢ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠤᠭᠳᠠᠭᠠᠯ ᠶᠤᠰᠤᠭᠠᠷ ᠬᠤᠯᠪᠤᠭᠳᠠᠯ ᠪᠦᠬᠦᠢ ᠨᠢᠬᠡᠴᠠ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠤᠷᠢᠯᠡᠬᠦᠯᠤᠨ᠎ᠠ᠃      ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠭᠤᠷᠢᠨ ᠪᠠᠶᠢᠴᠠᠭᠠᠬᠤ ᠲᠤᠭᠤᠶᠢᠯᠠᠩ ᠲᠤᠰᠬᠠᠢ ᠵᠢᠵᠢᠬᠦᠷᠯᠡᠬᠦ ᠤᠳᠠᠰᠤ ᠲᠤᠭᠢᠷᠠᠭᠤᠯᠪᠠ᠄ ᠬᠠᠷᠢᠯᠴᠠᠬᠤ ᠤᠳᠠᠰᠤ 13084795387︔      ᠤᠳᠠᠰᠤ ᠬᠦᠯᠢᠶᠠᠨ ᠠᠪᠴᠤ ᠰᠢᠢᠳᠪᠤᠷᠢᠯᠡᠬᠦ ᠴᠠᠭ ᠨᠢ 8᠄ 00 — 18  ᠄ 00︔      ᠰᠢᠤᠳᠠᠨ ᠬᠠᠶ᠋ᠢᠭ᠄  ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠤ ᠪᠡᠯᠬᠦᠳᠡᠢ ᠪᠠᠯᠭᠠᠰᠤ ᠶᠢᠨ ᠠᠷᠡᠳ ᠤᠨ ᠵᠠᠰᠠᠭ ᠤᠨ ᠤᠷᠳᠤᠨ ᠤ ᠠᠯᠪᠠᠨ ᠠᠰᠠᠷ ᠤᠨ ᠪᠡᠯᠬᠦᠳᠡᠢ ᠪᠠᠯᠭᠠᠰᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠲᠤᠭᠤᠶᠢᠯᠠᠩ︔      ᠢᠮᠧᠯ᠄ 13084795387@163.com      ᠲᠤᠭᠤᠷᠢᠨ ᠪᠠᠶᠢᠴᠠᠭᠠᠬᠤ ᠲᠤᠭᠤᠶᠢᠯᠠᠩ ᠤᠨ ᠰᠤᠷᠪᠤᠯᠵᠢᠯᠠᠭ᠎ᠠ ᠶᠢ ᠬᠦᠯᠢᠶᠠᠨ ᠠᠪᠬᠤ ᠭᠠᠵᠡᠷ᠄  ᠪᠡᠯᠬᠦᠳᠡᠢ ᠪᠠᠯᠭᠠᠰᠤᠨ ᠤ ᠠᠷᠡᠳ ᠤᠨ ᠵᠠᠰᠠᠭ ᠤᠨ ᠤᠷᠳᠤᠨ ᠤ ᠭᠤᠷᠪᠠᠳᠤᠭᠠᠷ ᠲᠠᠪᠬᠤᠷᠯᠢᠭ ᠤᠨ ᠠᠷᠡᠳ ᠤᠨ ᠲᠦᠯᠤᠬᠡᠯᠡᠭᠴᠢᠳ ᠎ ᠤᠨ ᠶᠡᠭᠡ ᠬᠤᠷᠡᠯ ᠤᠨ ᠲᠠᠷᠢᠬᠦᠯᠡᠭᠴᠢ ᠶᠢᠨ ᠠᠯᠪᠠᠨ ᠬᠡᠷ᠃      ᠲᠤᠭᠤᠷᠢᠨ ᠪᠠᠶᠢᠴᠠᠭᠠᠬᠤ ᠰᠠᠨᠠᠯ ᠬᠤᠷᠢᠶᠠᠬᠤ ᠬᠠᠶᠢᠷᠴᠠᠭ ᠤᠨ ᠪᠠᠶᠢᠷᠢᠯᠠᠯ᠄ ᠪᠡᠯᠬᠦᠳᠡᠢ ᠪᠠᠯᠭᠠᠰᠤᠨ ᠤ ᠠᠷᠡᠳ ᠎ ᠤᠨ ᠵᠠᠰᠠᠭ ᠤᠨ ᠤᠷᠳᠤᠨ ᠤ ᠠᠯᠪᠠᠨ ᠠᠰᠠᠷ ᠤᠨ ᠡᠬᠦᠳᠠᠨ ᠤ ᠵᠡᠬᠦᠨ ᠲᠠᠯ᠎ᠠ ᠳᠤ᠂ ᠰᠠᠶᠢᠬᠠᠡᠳᠦ᠋ᠮᠡᠨ ᠭᠠᠴᠠᠭᠠᠨ ᠤ ᠨᠠᠮ ᠤᠨ ᠬᠡᠰᠢᠬᠦᠨ ᠪᠠ ᠤᠯᠠᠨ ᠲᠦᠮᠡᠨ ᠳᠤ ᠦᠢᠯᠡᠴᠢᠯᠡᠬᠦ ᠲᠦᠪ᠂ ᠠᠯᠳᠠᠡᠬᠠᠩᠭᠠᠢ ᠭᠠᠴᠠᠭᠠᠨ ᠤ ᠨᠠᠮ ᠤᠨ ᠬᠡᠰᠢᠬᠦᠨ ᠪᠠ ᠤᠯᠠᠨ ᠲᠦᠮᠡᠨ ᠳᠤ ᠦᠢᠯᠡᠴᠢᠯᠡᠬᠦ ᠲᠦᠪ᠃      ᠵᠠᠬᠢᠳᠠᠯ ᠰᠤᠷᠪᠤᠯᠵᠢᠯᠠᠭ᠎ᠠ ᠬᠦᠯᠢᠶᠠᠨ ᠠᠪᠬᠤ ᠴᠠᠭ ᠢ 2024 ᠤᠨ ᠤ 4 ᠰᠠᠷ᠎ᠠ ᠶᠢᠨ 20᠎ ᠤ ᠡᠳᠤᠷ ᠢᠶᠠᠷ ᠬᠢᠵᠠᠭᠠᠷᠯᠠᠨ᠎ᠠ᠃ ᠦᠷᠬᠡᠨ ᠤᠯᠠᠨ ᠺᠠᠳ᠋ᠷ ᠤᠯᠠᠨ ᠲᠦᠮᠡᠨ ᠤ ᠵᠠᠬᠢᠳᠠᠯ ᠢᠷᠡᠬᠦᠯᠬᠦ᠂ ᠤᠳᠠᠰᠤ ᠢᠷᠡᠬᠦᠯᠬᠦ᠂ ᠰᠤᠷᠪᠤᠯᠵᠢᠯᠠᠬᠤ ᠪᠠᠷ ᠢᠷᠡᠬᠦ ᠵᠠᠷᠬᠡ ᠠᠷᠭ᠎ᠠ ᠬᠡᠯᠪᠡᠷᠢ ᠪᠠᠷ ᠲᠤᠭᠤᠷᠢᠨ ᠪᠠᠶᠢᠴᠠᠭᠠᠬᠤ ᠲᠤᠭᠤᠶᠢᠯᠠᠩ ᠳᠤ ᠪᠠᠶᠢᠳᠠᠯ ᠢ ᠦᠨᠡᠨ ᠪᠤᠳᠠᠳᠡᠢ ᠪᠠᠷ ᠲᠤᠰᠬᠠᠬᠤ ᠶᠢ ᠬᠦᠰᠠᠵᠤ ᠪᠠᠶᠢᠨ᠎ᠠ᠃           ᠪᠡᠯᠬᠦᠳᠡᠢ ᠪᠠᠯᠭᠠᠰᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠲᠤᠭᠤᠶᠢᠯᠠᠩ                            2024 ᠤᠨ ᠤ 4 ᠰᠠᠷ᠎ᠠ ᠶᠢᠨ 8᠎ ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号