ᠠᠪᠠᠭ᠎ᠠ ᠬᠤᠰᠢᠭᠤᠨ ᠤ ᠲᠠᠯ᠎ᠠ ᠨᠣᠳᠤᠭ ᠤᠨ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ ᠵᠠᠰᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/9
ᠨᠡᠶᠢᠭᠡᠮ ᠤᠨ ᠡᠯ᠎ᠡ ᠡᠲᠡᠭᠡᠳ ᠪᠠ ᠣᠯᠠᠨ ᠲᠦᠮᠡᠨ ᠳᠤ᠄      ︽ᠠᠪᠠᠭ᠎ᠠ ᠬᠤᠰᠢᠭᠤᠨ ᠤ 2024 ᠣᠨ ᠤ ᠲᠠᠯ᠎ᠠ ᠨᠣᠳᠤᠭ ᠤᠨ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠦᠰᠦᠯ︾᠎ ᠤᠨ ᠱᠠᠭᠠᠷᠳᠠᠯᠭ᠎ᠠ ᠶᠤᠰᠤᠭᠠᠷ᠂ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠬᠢᠬᠦ ᠶᠢᠨ ᠲᠦᠯᠦᠭᠡ᠂ ᠠᠪᠠᠭ᠎ᠠ ᠬᠤᠰᠢᠭᠤᠨ ᠤ ᠤᠢ ᠰᠢᠭᠤᠢ ᠪᠠ ᠨᠣᠳᠤᠭ ᠪᠡᠯᠴᠢᠭᠡᠷ ᠤᠨ ᠲᠤᠪᠴᠢᠶ᠎ᠠ ᠠᠴᠠ ᠮᠠᠨ ᠤ ᠬᠤᠰᠢᠭᠤᠨ ᠤ ᠬᠤᠯᠤᠭᠠᠨ᠎ᠠ ᠶᠢᠨ ᠨᠢᠭᠲᠠᠴᠠ ᠦᠨᠳᠦᠷ ᠤᠷᠤᠨ ᠳᠤ ᠬᠤᠤᠷᠲᠤ ᠥᠭᠶᠦᠭᠡ ᠲᠠᠯᠪᠢᠵᠤ ᠬᠤᠯᠤᠭᠠᠨ᠎ᠠ ᠶᠢᠨ ᠬᠦᠨᠦᠭᠡᠯ ᠤᠨ ᠰᠡᠷᠭᠡᠶᠢᠯᠡᠨ ᠵᠠᠰᠠᠬᠤ ᠠᠵᠢᠯ ᠢ ᠬᠢᠬᠦ ᠪᠠᠷ  ᠲᠤᠭᠲᠠᠪᠠ᠃ ᠰᠡᠷᠭᠡᠶᠢᠯᠡᠨ ᠵᠠᠰᠠᠬᠤ ᠤᠷᠤᠨ ᠲᠤᠳᠤᠷᠠᠬᠢ ᠦᠷᠭᠡᠨ ᠣᠯᠠᠨ ᠮᠠᠯᠴᠢᠨ ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠠᠮᠤᠷ ᠳᠦᠪᠰᠢᠨ ᠢ ᠦᠨᠡᠨᠬᠦ ᠪᠠᠲᠤᠯᠠᠬᠤ ᠶᠢᠨ ᠳᠤᠰᠠᠳᠠ᠂ ᠡᠳᠦᠭᠡ ᠬᠤᠯᠪᠤᠭᠳᠠᠯ ᠪᠦᠬᠦᠢ ᠤᠴᠢᠷ ᠢ ᠲᠤᠤᠷᠠᠬᠢ ᠮᠡᠲᠦ ᠵᠠᠷᠯᠠᠶ᠎ᠠ᠄      ᠨᠢᠭᠡ᠂ ᠬᠤᠯᠤᠭᠠᠨ᠎ᠠ ᠣᠰᠠᠳᠬᠠᠬᠤ ᠴᠠᠭ ᠬᠤᠭᠤᠴᠠᠭ᠎ᠠ᠄      2024 ᠣᠨ ᠤ 4 ᠰᠠᠷ᠎ᠠ ᠶᠢᠨ 8᠎ ᠤ ᠡᠳᠦᠷ ᠠᠴᠠ 2024 ᠣᠨ ᠤ 4 ᠰᠠᠷ᠎ᠠ ᠶᠢᠨ 30᠎ ᠤ ᠡᠳᠦᠷ ᠪᠣᠯᠲᠠᠯ᠎ᠠ᠃      ᠬᠤᠶᠠᠷ᠂ ᠬᠤᠯᠤᠭᠠᠨ᠎ᠠ ᠣᠰᠠᠳᠬᠠᠬᠤ ᠭᠠᠵᠠᠷ᠄      ᠨᠠᠷᠠᠨᠪᠣᠯᠠᠭ ᠰᠣᠮᠣᠨ ᠤ ᠪᠠᠶᠠᠨᠰᠢᠯᠢ ᠭᠠᠴᠠᠭᠠᠨ ᠤ ᠬᠤᠯᠤᠭᠠᠨ᠎ᠠ ᠶᠢᠨ ᠬᠦᠨᠦᠭᠡᠯ ᠶᠡᠬᠡᠲᠡᠢ ᠭᠠᠵᠠᠷ ᠤᠷᠤᠨ᠂ ᠨᠡᠶᠢᠲᠡ ᠲᠠᠯᠠᠪᠠᠢ᠄ 62 ᠲᠦᠮᠡᠨ ᠮᠦ᠃      ᠭᠤᠷᠪᠠ᠂ ᠬᠤᠯᠤᠭᠠᠨ᠎ᠠ ᠣᠰᠠᠳᠬᠠᠬᠤ ᠠᠷᠭ᠎ᠠ ᠠᠪᠴᠠᠯ᠄      ᠨᠢᠰᠭᠡᠯ ᠪᠠ ᠲᠤᠮᠤ ᠬᠡᠯᠪᠡᠷᠢ ᠶᠢᠨ ᠮᠠᠰᠢᠨ ᠲᠤᠨᠤᠭ ᠢᠶᠠᠷ ᠰᠡᠷᠭᠡᠶᠢᠯᠡᠨ ᠵᠠᠰᠠᠨ᠎ᠠ᠃      ᠲᠥᠷᠪᠡ᠂ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ ᠵᠠᠰᠠᠬᠤ ᠳᠤ ᠮᠦ ᠪᠦᠷᠢ ᠳᠤ ᠬᠡᠷᠡᠭᠯᠡᠬᠦ ᠡᠮ ᠤᠨ ᠬᠡᠮᠵᠢᠶ᠎ᠡ 80-100g᠂ ᠡᠮ ᠤᠨ ᠨᠠᠶᠢᠷᠠᠯᠭ᠎ᠠ ᠨᠢ ᠰᠢᠦ ᠳ᠋ᠢ ᠯᠦᠩ᠂ a ᠾᠯᠦᠷᠲᠦ ᠠᠯᠺᠦᠦᠯ᠂ ᠯᠧᠢ ᠭᠦᠩ ᠲᠧᠩ ᠵᠢᠶᠠ ᠰᠦ᠋ ᠶᠢᠨ ᠬᠤᠤᠷᠲᠤ ᠥᠭᠶᠦᠭᠡ᠂ ᠡᠳᠡᠭᠡᠷ ᠬᠤᠤᠷᠲᠤ ᠥᠭᠶᠦᠭᠡ ᠶᠢᠨ ᠡᠮ ᠤᠨ ᠨᠠᠶᠢᠷᠠᠯᠭ᠎ᠠ ᠨᠢ ᠲᠤᠤᠷ᠎ᠠ ᠬᠤᠤᠷᠲᠤ ᠴᠢᠨᠠᠷᠲᠠᠢ ᠬᠤᠯᠤᠭᠠᠨ᠎ᠠ ᠣᠰᠠᠳᠬᠠᠬᠤ ᠡᠮ ᠳᠤ ᠪᠠᠭᠲᠠᠨ᠎ᠠ᠃ ᠰᠡᠷᠭᠡᠶᠢᠯᠡᠨ ᠵᠠᠰᠠᠭᠰᠠᠨ ᠤ ᠳᠠᠷᠠᠭᠠᠬᠢ ᠪᠡᠯᠴᠢᠭᠡᠷ ᠲᠤ ᠡᠷᠬᠡᠪᠰᠢ 15 ᠡᠳᠦᠷ ᠮᠠᠯ ᠪᠡᠯᠴᠢᠭᠡᠷᠯᠡᠭᠦᠯᠬᠦ ᠶᠢ ᠴᠠᠭᠠᠵᠠᠯᠠᠵᠤ᠂ ᠰᠡᠷᠭᠡᠶᠢᠯᠡᠨ ᠵᠠᠰᠠᠭᠰᠠᠨ ᠤᠷᠤᠨ ᠤ ᠮᠠᠯ ᠤᠨ ᠬᠤᠤᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃      ᠲᠠᠪᠤ᠂ ᠠᠩᠬᠠᠷᠬᠤ ᠵᠦᠢᠯ᠄      ⒈ ᠬᠤᠯᠤᠭᠠᠨ᠎ᠠ ᠣᠰᠠᠳᠬᠠᠬᠤ ᠬᠤᠭᠤᠴᠠᠭᠠᠨ ᠳᠤ ᠡᠯ᠎ᠡ ᠮᠠᠯᠴᠢᠨ ᠡᠷᠦᠬᠡ᠂ ᠭᠡᠷ ᠤᠨ ᠠᠬᠠᠮᠠᠳ ᠤᠨᠴᠠᠭᠠᠶᠢᠯᠠᠨ ᠨᠠᠰᠤᠨ ᠳᠤ ᠦᠯᠦ ᠬᠦᠷᠦᠭᠰᠡᠳ ᠢᠶᠠᠨ ᠰᠠᠶᠢᠳᠤᠷ ᠬᠠᠮᠢᠶᠠᠷᠴᠦ᠂ ᠰᠡᠷᠬᠡᠶᠢᠯᠡᠨ ᠵᠠᠰᠠᠬᠤ ᠤᠷᠤᠨ ᠳᠤ ᠤᠷᠤᠵᠤ ᠨᠠᠭᠠᠳᠴᠦ ᠲᠤᠭᠯᠠᠵᠤ ᠪᠣᠯᠬᠤ ᠦᠭᠡᠢ᠂ ᠬᠤᠤᠷᠳᠠᠭᠳᠠᠬᠤ ᠠᠴᠠ ᠵᠠᠶᠢᠯᠠᠰᠬᠢᠬᠦ ᠬᠡᠷᠡᠭᠲᠡᠢ᠃      ⒉ ᠬᠤᠯᠤᠭᠠᠨ᠎ᠠ ᠣᠰᠠᠳᠬᠠᠬᠤ ᠬᠤᠯᠪᠤᠭᠳᠠᠯ ᠪᠦᠬᠦᠢ ᠭᠠᠴᠠᠭ᠎ᠠ ᠨᠢ ᠲᠤᠰ ᠠᠵᠢᠯ ᠢ ᠴᠢᠬᠤᠯᠠᠴᠢᠯᠠᠨ ᠦᠵᠡᠵᠦ᠂ ᠠᠵᠢᠯᠲᠠᠳ ᠲᠠᠢ ᠪᠦᠬᠦ ᠬᠦᠴᠦᠨ ᠢᠶᠠᠨ ᠬᠠᠮᠵᠢᠯᠴᠠᠨ ᠮᠠᠯᠵᠢᠬᠤ ᠡᠷᠦᠬᠡ ᠳᠤ ᠭᠦᠨᠵᠡᠭᠡᠶᠢᠷᠡᠨ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠦᠷᠭᠡᠨ ᠢᠶᠠᠷ ᠣᠬᠠᠭᠤᠯᠬᠤ ᠬᠡᠷᠡᠭᠲᠡᠢ᠃      ⒊ ᠬᠤᠯᠤᠭᠠᠨ᠎ᠠ ᠣᠰᠠᠳᠬᠠᠬᠤ ᠠᠵᠢᠯ ᠤᠨ ᠬᠤᠭᠤᠴᠠᠭᠠᠨ ᠳᠤ ᠰᠡᠷᠭᠡᠶᠢᠯᠡᠨ ᠵᠠᠰᠠᠬᠤ ᠤᠷᠤᠨ ᠤ ᠲᠤᠳᠤᠷᠠᠬᠢ ᠮᠠᠯᠴᠢᠨ ᠲᠦᠮᠡᠨ ᠲᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠮᠦᠨ ᠮᠠᠯ᠂ ᠭᠡᠷ ᠤᠨ ᠵᠢᠭᠦᠷᠲᠡᠨ ᠤ ᠰᠡᠷᠭᠡᠶᠢᠯᠡᠨ ᠵᠠᠰᠠᠬᠤ ᠤᠷᠤᠨ ᠳᠤ ᠤᠷᠤᠬᠤ ᠶᠢ ᠴᠠᠭᠠᠵᠠᠯᠠᠵᠤ᠂ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃      ⒋ ᠬᠤᠯᠤᠭᠠᠨ᠎ᠠ ᠣᠰᠠᠳᠬᠠᠬᠤ ᠬᠡᠪᠴᠢᠶᠡᠨ ᠳᠤ ᠪᠠᠶᠢᠭ᠎ᠠ ᠡᠪᠡᠰᠦ ᠪᠣᠷᠳᠤᠭ᠎ᠠ᠂ ᠮᠠᠯ ᠤᠨ ᠤᠩᠭᠤᠴᠠ ᠵᠡᠷᠭᠡ ᠬᠡᠷᠡᠭᠰᠡᠯ ᠢᠶᠠᠨ ᠪᠦᠳᠦᠭᠡᠬᠦ ᠪᠤᠶᠤ ᠤᠷᠪᠠᠭᠤᠯᠤᠨ ᠲᠠᠯᠪᠢᠵᠤ᠂ ᠬᠤᠣᠷᠲᠤ ᠡᠮ ᠰᠠᠴᠤᠭᠳᠠᠨ ᠤᠷᠤᠬᠤ ᠠᠴᠠ ᠰᠡᠷᠭᠡᠶᠢᠯᠡᠬᠦ ᠬᠡᠷᠡᠭᠲᠡᠢ᠃      ⒌ ᠬᠡᠷᠪᠡ ᠬᠦᠮᠦᠨ ᠰᠠᠨᠠᠮᠰᠠᠷ ᠦᠭᠡᠢ ᠬᠤᠤᠷᠳᠦ ᠥᠭᠶᠦᠭᠡ ᠳᠤ ᠬᠤᠣᠷᠳᠠᠭᠳᠠᠪᠠᠯ᠂ ᠡᠮᠨᠡᠯᠭᠡ ᠳᠤ ᠬᠦᠷᠭᠡᠵᠦ ᠡᠮᠴᠢᠯᠡᠭᠦᠯᠬᠦ ᠬᠡᠷᠡᠭᠲᠡᠢ᠃ᠣᠨᠴᠠᠭᠠᠶᠢᠯᠠᠨ ᠵᠠᠷᠯᠠᠪᠠ               ᠠᠪᠠᠭ᠎ᠠ ᠬᠤᠰᠢᠭᠤᠨ ᠤ ᠣᠢ ᠰᠢᠭᠤᠢ ᠪᠠ ᠨᠣᠳᠤᠭ ᠪᠡᠯᠴᠢᠭᠡᠷ ᠤᠨ ᠲᠤᠪᠴᠢᠶ᠎ᠠ                         2024ᠣᠨ ᠤ 4 ᠰᠠᠷ᠎ᠠ ᠶᠢᠨ 7᠎ ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号