ᠠᠵᠢᠯ ᠮᠠᠷᠬᠡᠵᠢᠯ ᠤᠨ ᠴᠢᠳᠠᠪᠤᠷᠢ ᠶᠢᠨ ᠪᠤᠯᠪᠠᠰᠤᠷᠠᠯ ᠢᠶᠠᠷ ᠮᠠᠯᠴᠢᠨ ᠲᠦᠮᠡᠨ ᠢᠶᠠᠨ ᠬᠦᠴᠤᠷᠬᠡᠭᠵᠢᠬᠦᠯᠤᠨ᠎ᠠ
ᠨᠡᠶᠢᠲᠡᠯᠡᠭᠰᠡᠨ ᠴᠠᠭ᠄
2024/4/9
     ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠲᠦᠷᠤ ᠶᠢᠨ ᠪᠤᠳᠤᠯᠭ᠎ᠠ ᠶᠢᠨ ᠲᠤᠶᠠᠭᠠᠯᠠᠯ ᠲᠤᠤᠷ᠎ᠠ ᠤᠳᠤ ᠦᠶ᠎ᠠ ᠶᠢᠨ ᠮᠠᠯ ᠠᠵᠤ ᠠᠬᠤᠢ ᠶᠢᠨ ᠬᠦᠭᠵᠢᠯᠳᠠ ᠶᠢᠨ ᠬᠡᠷᠡᠭᠴᠡᠭᠡ ᠱᠠᠭᠠᠷᠳᠠᠯᠭ᠎ᠠ ᠳᠤ ᠨᠠᠶᠢᠴᠡᠬᠦ ᠦᠡᠳᠤᠷ ᠬᠡᠪ ᠪᠤᠯᠪᠠᠰᠤᠷᠠᠯ ᠲᠠᠢ ᠮᠠᠯᠴᠢᠳ ᠤᠨ ᠡᠩᠨᠡᠭᠡ ᠤᠯᠠᠮ ᠢᠶᠠᠷ ᠱᠠᠭᠠᠷᠳᠠᠭᠳᠠᠬᠤ ᠪᠤᠯᠤᠯ᠎ᠠ᠃ ᠡᠶᠢᠡᠬᠦ ᠨᠠᠷᠠᠡᠪᠤᠯᠠᠭ ᠰᠤᠮᠤ ᠤᠷᠴᠢᠮ ᠤᠨ ᠵᠢᠯ ᠤᠳ ᠲᠤ ᠮᠠᠯ ᠠᠵᠤ ᠠᠬᠤᠢ ᠶᠢᠨ ᠮᠠᠷᠬᠡᠵᠢᠯ ᠴᠢᠳᠠᠪᠤᠷᠢ ᠶᠢᠨ ᠪᠤᠯᠪᠠᠰᠤᠷᠠᠯ᠂ ᠲᠦᠷᠤ ᠶᠢᠨ ᠪᠤᠳᠤᠯᠭ᠎ᠠ ᠶᠢᠨ ᠲᠠᠶᠢᠯᠤᠮᠵᠢ ᠵᠡᠷᠬᠡ ᠶᠢ ᠦᠷᠬᠦᠯᠵᠢᠯᠡᠨ ᠡᠷᠬᠢᠯᠡᠵᠤ᠂ ᠮᠠᠯ ᠠᠵᠤ ᠠᠬᠤᠢ ᠳᠤ ᠬᠤᠯᠪᠤᠭᠳᠠᠭᠰᠡᠨ ᠬᠠᠮᠤᠭ ᠤᠨ ᠰᠢᠨ᠎ᠠ ᠬᠡᠷᠡᠭᠯᠡᠬᠡᠨ ᠤ ᠮᠡᠷᠬᠡᠵᠢᠯ ᠤᠨ ᠤᠷ᠎ᠠ ᠴᠢᠳᠠᠪᠤᠷᠢ ᠶᠢ ᠲᠦᠬᠡᠮᠡᠯᠵᠢᠬᠦᠯᠤᠨ᠂ ᠲᠦᠷᠤ ᠶᠢᠨ ᠪᠤᠳᠤᠯᠭ᠎ᠠ ᠶᠢ ᠴᠠᠭ ᠲᠤᠬᠠᠢ ᠳᠤᠨᠢ ᠮᠠᠯᠴᠢᠨ ᠲᠦᠮᠡᠨ ᠳᠤ ᠪᠠᠨ ᠤᠯᠠᠮᠵᠢᠯᠠᠵᠤ᠂ ᠦᠡᠳᠤᠷ ᠬᠡᠪ ᠪᠤᠯᠪᠠᠰᠤᠷᠠᠯ ᠲᠠᠢ ᠬᠦᠳᠡᠭᠡ ᠲᠤᠰᠬᠤᠨ ᠤ ᠴᠢᠳᠠᠪᠤᠷᠢᠳᠠᠨ ᠢ ᠬᠦᠮᠤᠵᠢᠬᠦᠯᠬᠦ ᠪᠠᠷ ᠴᠢᠷᠮᠠᠶᠢᠵᠤ ᠢᠷᠡᠵᠡᠢ᠃      2023 ᠤᠨ ᠠᠴᠠ ᠨᠠᠰᠢ ᠨᠠᠷᠠᠡᠪᠤᠯᠠᠭ ᠰᠤᠮᠤ ᠢᠴᠡᠬᠡᠯ ᠦᠷ᠎ᠠ ᠶᠢᠨ ᠬᠡᠬᠡᠯᠳᠤᠬᠦᠯᠬᠡ ᠶᠢᠨ ᠮᠡᠷᠬᠡᠵᠢᠯ᠂ ᠠᠴᠢᠵᠤ ᠪᠠᠭᠤᠯᠭᠠᠬᠤ ᠮᠠᠰᠢᠨ ᠠᠵᠢᠯᠯᠠᠭᠤᠯᠬᠤ ᠮᠡᠷᠬᠡᠵᠢᠯ᠂ ᠮᠠᠯ ᠠᠷᠠᠴᠢᠯᠡᠨ ᠲᠡᠵᠢᠬᠡᠬᠦ ᠬᠠᠮᠢᠶᠠᠷᠤᠯᠳᠠ ᠶᠢᠨ ᠮᠡᠷᠬᠡᠵᠢᠯ ᠪᠤᠯᠤᠨ ᠴᠠᠬᠢᠯᠭᠠᠨ ᠭᠠᠩᠨᠠᠭᠤᠷ ᠤᠨ ᠮᠠᠷᠬᠡᠵᠢᠯ ᠵᠠᠷᠬᠡ ᠶᠢᠨ ᠪᠤᠯᠪᠠᠰᠤᠷᠠᠯ ᠢ ᠤᠯᠠᠡᠳᠠ ᠵᠤᠬᠢᠶᠠᠨ ᠪᠠᠶᠢᠭᠤᠯᠤᠨ ᠦᠷᠨᠢᠬᠦᠯᠵᠤ᠂ 220 ᠭᠠᠷᠤᠢ ᠬᠦᠮᠤᠨ ᠤᠳᠠᠭ᠎ᠠ ᠪᠤᠯᠪᠠᠰᠤᠷᠠᠯ ᠬᠦᠷᠳᠡᠵᠡᠢ᠃ ᠪᠤᠯᠪᠠᠰᠤᠷᠠᠯ ᠤᠨ ᠦᠷ᠎ᠠ ᠳ᠋ᠦᠡᠭ ᠳᠤ ᠮᠠᠯᠴᠢᠨ ᠲᠦᠮᠡᠨ ᠤ ᠲᠦᠷᠤ ᠶᠢᠨ ᠪᠤᠳᠤᠯᠭ᠎ᠠ ᠶᠢᠨ ᠤᠨᠤᠯ ᠤᠨ ᠰᠠᠭᠤᠷᠢ᠂ ᠠᠷᠠᠴᠢᠯᠠᠭ᠎ᠠ ᠮᠠᠯᠵᠢᠯᠭ᠎ᠠ ᠶᠢᠨ ᠠᠷᠭ᠎ᠠ ᠲᠤᠷᠰᠢᠯᠭ᠎ᠠ ᠵᠢᠴᠢ ᠡᠯ᠎ᠠ ᠵᠥᠢᠯ ᠤᠨ ᠮᠠᠷᠬᠡᠵᠢᠯ ᠴᠢᠳᠠᠪᠤᠷᠢ ᠤᠯᠠᠮ ᠢᠶᠠᠷ ᠲᠡᠬᠡᠭᠰᠢᠯᠡᠯᠳᠡ ᠲᠠᠢ ᠪᠤᠯᠵᠤ᠂ ᠮᠠᠯ ᠠᠵᠤ ᠠᠬᠤᠢ ᠶᠢᠨ ᠤᠳᠤᠬᠢᠴᠢᠯᠠᠭᠰᠡᠨ ᠬᠦᠭᠵᠢᠯᠳᠠ᠂ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠲᠠᠢ ᠠᠯᠬᠤᠭ᠎ᠠ ᠵᠤᠬᠢᠴᠠᠭᠤᠯᠵᠤ ᠪᠠᠶᠢᠭ᠎ᠠ᠃      ᠠᠴᠢᠵᠤ ᠪᠠᠭᠤᠯᠭᠠᠬᠤ ᠮᠠᠰᠢᠨ ᠠᠵᠢᠯᠯᠠᠭᠤᠯᠬᠤ ᠮᠡᠷᠬᠡᠵᠢᠯ ᠤᠨ ᠪᠤᠯᠪᠠᠰᠤᠷᠠᠯ ᠳᠤ ᠤᠷᠤᠯᠴᠠᠭᠰᠡᠨ 24 ᠰᠤᠷᠤᠯᠭᠠᠳᠠᠨ ᠦᠢᠷ᠎ᠠ ᠶᠢᠨ ᠬᠤᠭᠤᠴᠠᠭᠠᠨ ᠳᠤ ᠠᠩᠬ᠎ᠠ ᠵᠠᠷᠬᠡ ᠶᠢᠨ ᠠᠴᠢᠵᠤ ᠪᠠᠭᠤᠯᠭᠠᠬᠤ ᠮᠠᠰᠢᠨ ᠤ ᠪᠤᠯᠪᠠᠰᠤᠷᠠᠯ  ᠤᠨ ᠬᠢᠷᠢ ᠲᠠᠩᠴᠡᠭᠰᠡᠨ ᠦᠨᠡᠮᠯᠡᠯ ᠢᠶᠠᠨ ᠪᠦᠬᠦᠨ ᠢᠶᠠᠷ ᠢᠶᠠᠨ ᠭᠠᠷᠳᠠᠭᠰᠡᠨ ᠪᠠᠶᠢᠨ᠎ᠠ᠃      ︽ᠰᠤᠶᠤᠯ ᠪᠤᠯᠪᠠᠰᠤᠷᠠᠯ ᠲᠠᠢ᠂ ᠮᠠᠯᠵᠢᠬᠤ ᠤᠷᠤᠨ ᠳᠤ ᠪᠠᠨ ᠬᠠᠶᠢᠷᠠᠳᠡᠢ᠂ ᠮᠠᠷᠬᠡᠵᠢᠯ ᠳᠤ ᠴᠠᠭᠠᠷᠠᠭᠰᠡᠨ᠂ ᠡᠵᠡᠩᠨᠡᠬᠦ ᠳᠡᠭᠡᠨ ᠴᠢᠳᠠᠮᠠᠭᠠᠢ᠂ ᠬᠠᠮᠢᠶᠠᠷᠴᠤ ᠴᠢᠳᠠᠬᠤ︾ ᠦᠡᠳᠤᠷ ᠬᠡᠪ ᠪᠤᠯᠪᠠᠰᠤᠷᠠᠯ ᠲᠠᠢ ᠮᠠᠯᠴᠢᠳ ᠢ ᠬᠦᠮᠤᠵᠢᠬᠦᠯᠵᠤ ᠬᠦᠭᠵᠢᠬᠦᠯᠬᠦ ᠪᠤᠯ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠬᠦᠯᠤᠨ ᠮᠠᠡᠳᠤᠭᠤᠯᠬᠤ ᠶᠢᠨ ᠭᠤᠤᠯᠳᠠᠯᠭ᠎ᠠ ᠶᠢᠨ ᠭᠤᠤᠯᠳᠠᠯᠭ᠎ᠠ ᠪᠤᠯᠤᠨ᠎ᠠ᠃ ᠡᠶᠢᠡᠬᠦ ᠨᠠᠷᠠᠡᠪᠤᠯᠠᠭ ᠰᠤᠮᠤ ᠦᠷᠬᠦᠯᠵᠢᠯᠡᠨ ᠮᠠᠯᠴᠢᠳ ᠤᠨ ᠰᠤᠶᠤᠯ  ᠤᠨ ᠬᠡᠪ ᠪᠤᠯᠪᠠᠰᠤᠷᠠᠯ ᠪᠠ ᠲᠤᠰᠬᠠᠢ ᠮᠠᠷᠬᠡᠵᠢᠯ ᠤᠨ ᠴᠢᠳᠠᠪᠤᠷᠢ ᠶᠢᠨ ᠲᠡᠬᠡᠭᠰᠢᠯᠡᠯᠳᠡ ᠳᠤ ᠠᠩᠬᠠᠷᠤᠯ ᠢᠶᠠᠨ ᠬᠠᠨᠳᠤᠭᠤᠯᠤᠨ᠂ ᠬᠡᠷᠡᠭᠯᠡᠬᠡᠨ ᠤ ᠮᠠᠷᠬᠡᠵᠢᠯ ᠤᠨ ᠴᠢᠳᠠᠪᠤᠷᠢᠳᠠᠨ᠂ ᠬᠦᠳᠡᠭᠡ ᠲᠤᠰᠬᠤᠨ ᠤ ᠪᠠᠶᠠᠵᠢᠯ ᠤᠨ ᠲᠠᠭᠠᠭᠤᠯᠤᠭᠴᠢ᠂ ᠭᠠᠴᠠᠭ᠎ᠠ ᠲᠤᠰᠬᠤᠨ ᠤ ︽ᠬᠤᠶᠡᠷ ᠵᠦᠪᠯᠡᠯ︾ ᠤᠨ ᠬᠢᠨ᠂ ᠨᠠᠮ ᠤᠨ ᠬᠡᠰᠢᠬᠦᠨ ᠵᠢᠴᠢ ᠮᠠᠯᠴᠢᠨ ᠨᠠᠷ ᠲᠤ ᠦᠷᠬᠦᠯᠵᠢᠯᠡᠨ ᠪᠤᠯᠪᠠᠰᠤᠷᠠᠯ ᠬᠦᠷᠳᠡᠬᠡᠵᠤ᠂ ᠤᠨᠤᠯ ᠪᠠ ᠦᠢᠯᠡᠳᠤᠯᠬᠡ ᠶᠢ ᠬᠠᠷᠢᠯᠴᠠᠨ ᠤᠶᠠᠯᠳᠤᠭᠤᠯᠤᠭᠰᠡᠨ ᠤᠡᠴᠠᠯᠢᠭ ᠢᠶᠠᠨ ᠦᠷᠬᠡᠳᠬᠡᠨ ᠪᠠᠶᠠᠴᠢᠯᠠᠨ ᠦᠢᠯᠠᠭᠠᠬᠤ ᠪᠤᠯᠪᠠᠰᠤᠷᠠᠯ ᠢ ᠡᠷᠬᠢᠯᠡᠨ᠂ ᠮᠠᠯᠴᠢᠳ ᠤᠨ ᠤᠳᠤ ᠦᠶ᠎ᠠ ᠶᠢᠨ ᠰᠢᠡᠵᠢᠯᠡᠬᠦ ᠤᠬᠠᠭᠠᠡᠴᠢ ᠪᠠᠷ ᠲᠡᠵᠢᠬᠡᠨ ᠦᠷᠡᠵᠢᠬᠦᠯᠬᠦ ᠮᠠᠷᠬᠡᠵᠢᠯ᠂ ᠭᠠᠴᠠᠭᠠᠨ ᠤ ᠠᠵᠤ ᠦᠢᠯᠡᠰ ᠤᠨ ᠬᠦᠭᠵᠢᠯᠳᠠ  ᠶᠢᠨ ᠬᠠᠮᠢᠶᠠᠷᠤᠯᠳᠠ ᠶᠢᠨ ᠴᠢᠳᠠᠪᠤᠷᠢ ᠶᠢ ᠲᠡᠬᠡᠭᠰᠢᠯᠡᠬᠦᠯᠬᠦ ᠶᠢ ᠴᠢᠩᠭᠠᠳᠬᠠᠵᠤ᠂ ︽ᠲᠤᠳᠤᠭᠠᠳᠤ ᠳᠠᠭᠠᠨ ᠬᠦᠴᠤᠷᠬᠡᠭᠵᠢᠬᠦ︾ ᠬᠡᠪ ᠪᠤᠯᠪᠠᠰᠤᠷᠠᠯ ᠤᠨ ᠢᠡᠵᠧᠨᠧᠷᠢᠩ ᠢ ᠬᠦᠴᠤᠯᠠᠨ ᠬᠡᠷᠡᠭᠵᠢᠬᠦᠯᠬᠦ ᠪᠠᠷ ᠪᠡᠯᠡᠬᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号