ᠨᠡᠶᠢᠭᠡᠮ ᠤᠨ ᠡᠯ᠎ᠡ ᠡᠲᠡᠭᠡᠳ ᠪᠠ ᠣᠯᠠᠨ ᠲᠦᠮᠡᠨ ᠳᠤ᠄ | ︽ᠠᠪᠠᠭ᠎ᠠ ᠬᠤᠰᠢᠭᠤᠨ ᠤ 2024 ᠣᠨ ᠤ ᠲᠠᠯ᠎ᠠ ᠨᠣᠳᠤᠭ ᠤᠨ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ | ᠵᠠᠰᠠᠬᠤ ᠠᠵᠢᠯ ᠤᠨ ᠬᠡᠷᠡᠭᠵᠢᠭᠦᠯᠬᠦ ᠲᠦᠰᠦᠯ︾ ᠤᠨ ᠱᠠᠭᠠᠷᠳᠠᠯᠭ᠎ᠠ ᠶᠤᠰᠤᠭᠠᠷ᠂ ᠬᠤᠯᠤᠭᠠᠨ᠎ᠠ ᠶᠢᠨ ᠬᠦᠨᠦᠭᠡᠯ ᠢ | ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠬᠢᠬᠦ ᠶᠢᠨ ᠲᠦᠯᠦᠭᠡ᠂ ᠠᠪᠠᠭ᠎ᠠ ᠬᠤᠰᠢᠭᠤᠨ ᠤ ᠤᠢ ᠰᠢᠭᠤᠢ ᠪᠠ ᠨᠣᠳᠤᠭ | ᠪᠡᠯᠴᠢᠭᠡᠷ ᠤᠨ ᠲᠤᠪᠴᠢᠶ᠎ᠠ ᠠᠴᠠ ᠮᠠᠨ ᠤ ᠬᠤᠰᠢᠭᠤᠨ ᠤ ᠬᠤᠯᠤᠭᠠᠨ᠎ᠠ ᠶᠢᠨ ᠨᠢᠭᠲᠠᠴᠠ ᠦᠨᠳᠦᠷ ᠤᠷᠤᠨ ᠳᠤ | ᠬᠤᠤᠷᠲᠤ ᠥᠭᠶᠦᠭᠡ ᠲᠠᠯᠪᠢᠵᠤ ᠬᠤᠯᠤᠭᠠᠨ᠎ᠠ ᠶᠢᠨ ᠬᠦᠨᠦᠭᠡᠯ ᠤᠨ ᠰᠡᠷᠭᠡᠶᠢᠯᠡᠨ ᠵᠠᠰᠠᠬᠤ ᠠᠵᠢᠯ ᠢ ᠬᠢᠬᠦ ᠪᠠᠷ | ᠲᠤᠭᠲᠠᠪᠠ᠃ ᠰᠡᠷᠭᠡᠶᠢᠯᠡᠨ ᠵᠠᠰᠠᠬᠤ ᠤᠷᠤᠨ ᠲᠤᠳᠤᠷᠠᠬᠢ ᠦᠷᠭᠡᠨ ᠣᠯᠠᠨ ᠮᠠᠯᠴᠢᠨ ᠲᠦᠮᠡᠨ ᠤ ᠦᠢᠯᠡᠳᠪᠤᠷᠢᠯᠡᠯ | ᠠᠮᠢᠳᠤᠷᠠᠯ ᠤᠨ ᠠᠮᠤᠷ ᠳᠦᠪᠰᠢᠨ ᠢ ᠦᠨᠡᠨᠬᠦ ᠪᠠᠲᠤᠯᠠᠬᠤ ᠶᠢᠨ ᠳᠤᠰᠠᠳᠠ᠂ ᠡᠳᠦᠭᠡ ᠬᠤᠯᠪᠤᠭᠳᠠᠯ ᠪᠦᠬᠦᠢ ᠤᠴᠢᠷ ᠢ | ᠲᠤᠤᠷᠠᠬᠢ ᠮᠡᠲᠦ ᠵᠠᠷᠯᠠᠶ᠎ᠠ᠄ | ᠨᠢᠭᠡ᠂ ᠬᠤᠯᠤᠭᠠᠨ᠎ᠠ ᠣᠰᠠᠳᠬᠠᠬᠤ ᠴᠠᠭ ᠬᠤᠭᠤᠴᠠᠭ᠎ᠠ᠄ | 2024 ᠣᠨ ᠤ 4 ᠰᠠᠷ᠎ᠠ ᠶᠢᠨ 8 ᠤ ᠡᠳᠦᠷ ᠠᠴᠠ 2024 ᠣᠨ ᠤ 4 ᠰᠠᠷ᠎ᠠ ᠶᠢᠨ 30 ᠤ ᠡᠳᠦᠷ | ᠪᠣᠯᠲᠠᠯ᠎ᠠ᠃ | ᠬᠤᠶᠠᠷ᠂ ᠬᠤᠯᠤᠭᠠᠨ᠎ᠠ ᠣᠰᠠᠳᠬᠠᠬᠤ ᠭᠠᠵᠠᠷ᠄ | ᠨᠠᠷᠠᠨᠪᠣᠯᠠᠭ ᠰᠣᠮᠣᠨ ᠤ ᠪᠠᠶᠠᠨᠰᠢᠯᠢ ᠭᠠᠴᠠᠭᠠᠨ ᠤ ᠬᠤᠯᠤᠭᠠᠨ᠎ᠠ ᠶᠢᠨ ᠬᠦᠨᠦᠭᠡᠯ ᠶᠡᠬᠡᠲᠡᠢ ᠭᠠᠵᠠᠷ ᠤᠷᠤᠨ᠂ | ᠨᠡᠶᠢᠲᠡ ᠲᠠᠯᠠᠪᠠᠢ᠄ 62 ᠲᠦᠮᠡᠨ ᠮᠦ᠃ | ᠭᠤᠷᠪᠠ᠂ ᠬᠤᠯᠤᠭᠠᠨ᠎ᠠ ᠣᠰᠠᠳᠬᠠᠬᠤ ᠠᠷᠭ᠎ᠠ ᠠᠪᠴᠠᠯ᠄ | ᠨᠢᠰᠭᠡᠯ ᠪᠠ ᠲᠤᠮᠤ ᠬᠡᠯᠪᠡᠷᠢ ᠶᠢᠨ ᠮᠠᠰᠢᠨ ᠲᠤᠨᠤᠭ ᠢᠶᠠᠷ ᠰᠡᠷᠭᠡᠶᠢᠯᠡᠨ ᠵᠠᠰᠠᠨ᠎ᠠ᠃ | ᠲᠥᠷᠪᠡ᠂ ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠨ ᠵᠠᠰᠠᠬᠤ ᠳᠤ ᠮᠦ ᠪᠦᠷᠢ ᠳᠤ ᠬᠡᠷᠡᠭᠯᠡᠬᠦ ᠡᠮ ᠤᠨ | ᠬᠡᠮᠵᠢᠶ᠎ᠡ 80-100g᠂ ᠡᠮ ᠤᠨ ᠨᠠᠶᠢᠷᠠᠯᠭ᠎ᠠ ᠨᠢ ᠰᠢᠦ ᠳ᠋ᠢ ᠯᠦᠩ᠂ a ᠾᠯᠦᠷᠲᠦ ᠠᠯᠺᠦᠦᠯ᠂ ᠯᠧᠢ ᠭᠦᠩ | ᠲᠧᠩ ᠵᠢᠶᠠ ᠰᠦ᠋ ᠶᠢᠨ ᠬᠤᠤᠷᠲᠤ ᠥᠭᠶᠦᠭᠡ᠂ ᠡᠳᠡᠭᠡᠷ ᠬᠤᠤᠷᠲᠤ ᠥᠭᠶᠦᠭᠡ ᠶᠢᠨ ᠡᠮ ᠤᠨ ᠨᠠᠶᠢᠷᠠᠯᠭ᠎ᠠ ᠨᠢ ᠲᠤᠤᠷ᠎ᠠ | ᠬᠤᠤᠷᠲᠤ ᠴᠢᠨᠠᠷᠲᠠᠢ ᠬᠤᠯᠤᠭᠠᠨ᠎ᠠ ᠣᠰᠠᠳᠬᠠᠬᠤ ᠡᠮ ᠳᠤ ᠪᠠᠭᠲᠠᠨ᠎ᠠ᠃ ᠰᠡᠷᠭᠡᠶᠢᠯᠡᠨ ᠵᠠᠰᠠᠭᠰᠠᠨ ᠤ ᠳᠠᠷᠠᠭᠠᠬᠢ | ᠪᠡᠯᠴᠢᠭᠡᠷ ᠲᠤ ᠡᠷᠬᠡᠪᠰᠢ 15 ᠡᠳᠦᠷ ᠮᠠᠯ ᠪᠡᠯᠴᠢᠭᠡᠷᠯᠡᠭᠦᠯᠬᠦ ᠶᠢ ᠴᠠᠭᠠᠵᠠᠯᠠᠵᠤ᠂ ᠰᠡᠷᠭᠡᠶᠢᠯᠡᠨ ᠵᠠᠰᠠᠭᠰᠠᠨ ᠤᠷᠤᠨ ᠤ | ᠮᠠᠯ ᠤᠨ ᠬᠤᠤᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃ | ᠲᠠᠪᠤ᠂ ᠠᠩᠬᠠᠷᠬᠤ ᠵᠦᠢᠯ᠄ | ⒈ ᠬᠤᠯᠤᠭᠠᠨ᠎ᠠ ᠣᠰᠠᠳᠬᠠᠬᠤ ᠬᠤᠭᠤᠴᠠᠭᠠᠨ ᠳᠤ ᠡᠯ᠎ᠡ ᠮᠠᠯᠴᠢᠨ ᠡᠷᠦᠬᠡ᠂ ᠭᠡᠷ ᠤᠨ ᠠᠬᠠᠮᠠᠳ | ᠤᠨᠴᠠᠭᠠᠶᠢᠯᠠᠨ ᠨᠠᠰᠤᠨ ᠳᠤ ᠦᠯᠦ ᠬᠦᠷᠦᠭᠰᠡᠳ ᠢᠶᠠᠨ ᠰᠠᠶᠢᠳᠤᠷ ᠬᠠᠮᠢᠶᠠᠷᠴᠦ᠂ ᠰᠡᠷᠬᠡᠶᠢᠯᠡᠨ ᠵᠠᠰᠠᠬᠤ ᠤᠷᠤᠨ ᠳᠤ | ᠤᠷᠤᠵᠤ ᠨᠠᠭᠠᠳᠴᠦ ᠲᠤᠭᠯᠠᠵᠤ ᠪᠣᠯᠬᠤ ᠦᠭᠡᠢ᠂ ᠬᠤᠤᠷᠳᠠᠭᠳᠠᠬᠤ ᠠᠴᠠ ᠵᠠᠶᠢᠯᠠᠰᠬᠢᠬᠦ ᠬᠡᠷᠡᠭᠲᠡᠢ᠃ | ⒉ ᠬᠤᠯᠤᠭᠠᠨ᠎ᠠ ᠣᠰᠠᠳᠬᠠᠬᠤ ᠬᠤᠯᠪᠤᠭᠳᠠᠯ ᠪᠦᠬᠦᠢ ᠭᠠᠴᠠᠭ᠎ᠠ ᠨᠢ ᠲᠤᠰ ᠠᠵᠢᠯ ᠢ ᠴᠢᠬᠤᠯᠠᠴᠢᠯᠠᠨ | ᠦᠵᠡᠵᠦ᠂ ᠠᠵᠢᠯᠲᠠᠳ ᠲᠠᠢ ᠪᠦᠬᠦ ᠬᠦᠴᠦᠨ ᠢᠶᠠᠨ ᠬᠠᠮᠵᠢᠯᠴᠠᠨ ᠮᠠᠯᠵᠢᠬᠤ ᠡᠷᠦᠬᠡ ᠳᠤ ᠭᠦᠨᠵᠡᠭᠡᠶᠢᠷᠡᠨ | ᠬᠤᠯᠤᠭᠠᠨ᠎ᠠ ᠶᠢᠨ ᠬᠦᠨᠦᠭᠡᠯ ᠢ ᠰᠡᠷᠭᠡᠶᠢᠯᠡᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠦᠷᠭᠡᠨ ᠢᠶᠠᠷ ᠣᠬᠠᠭᠤᠯᠬᠤ ᠬᠡᠷᠡᠭᠲᠡᠢ᠃ | | ⒊ ᠬᠤᠯᠤᠭᠠᠨ᠎ᠠ ᠣᠰᠠᠳᠬᠠᠬᠤ ᠠᠵᠢᠯ ᠤᠨ ᠬᠤᠭᠤᠴᠠᠭᠠᠨ ᠳᠤ ᠰᠡᠷᠭᠡᠶᠢᠯᠡᠨ ᠵᠠᠰᠠᠬᠤ ᠤᠷᠤᠨ ᠤ ᠲᠤᠳᠤᠷᠠᠬᠢ | ᠮᠠᠯᠴᠢᠨ ᠲᠦᠮᠡᠨ ᠲᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠮᠦᠨ ᠮᠠᠯ᠂ ᠭᠡᠷ ᠤᠨ ᠵᠢᠭᠦᠷᠲᠡᠨ ᠤ | ᠰᠡᠷᠭᠡᠶᠢᠯᠡᠨ ᠵᠠᠰᠠᠬᠤ ᠤᠷᠤᠨ ᠳᠤ ᠤᠷᠤᠬᠤ ᠶᠢ ᠴᠠᠭᠠᠵᠠᠯᠠᠵᠤ᠂ ᠬᠤᠣᠷᠳᠠᠭᠳᠠᠬᠤ ᠠᠴᠠ ᠰᠡᠷᠭᠡᠶᠢᠯᠡᠬᠦ ᠬᠡᠷᠡᠭᠲᠡᠢ᠃ | ⒋ ᠬᠤᠯᠤᠭᠠᠨ᠎ᠠ ᠣᠰᠠᠳᠬᠠᠬᠤ ᠬᠡᠪᠴᠢᠶᠡᠨ ᠳᠤ ᠪᠠᠶᠢᠭ᠎ᠠ ᠡᠪᠡᠰᠦ ᠪᠣᠷᠳᠤᠭ᠎ᠠ᠂ ᠮᠠᠯ ᠤᠨ ᠤᠩᠭᠤᠴᠠ ᠵᠡᠷᠭᠡ | ᠬᠡᠷᠡᠭᠰᠡᠯ ᠢᠶᠠᠨ ᠪᠦᠳᠦᠭᠡᠬᠦ ᠪᠤᠶᠤ ᠤᠷᠪᠠᠭᠤᠯᠤᠨ ᠲᠠᠯᠪᠢᠵᠤ᠂ ᠬᠤᠣᠷᠲᠤ ᠡᠮ ᠰᠠᠴᠤᠭᠳᠠᠨ ᠤᠷᠤᠬᠤ ᠠᠴᠠ | ᠰᠡᠷᠭᠡᠶᠢᠯᠡᠬᠦ ᠬᠡᠷᠡᠭᠲᠡᠢ᠃ | ⒌ ᠬᠡᠷᠪᠡ ᠬᠦᠮᠦᠨ ᠰᠠᠨᠠᠮᠰᠠᠷ ᠦᠭᠡᠢ ᠬᠤᠤᠷᠳᠦ ᠥᠭᠶᠦᠭᠡ ᠳᠤ ᠬᠤᠣᠷᠳᠠᠭᠳᠠᠪᠠᠯ᠂ ᠡᠮᠨᠡᠯᠭᠡ ᠳᠤ ᠬᠦᠷᠭᠡᠵᠦ | ᠡᠮᠴᠢᠯᠡᠭᠦᠯᠬᠦ ᠬᠡᠷᠡᠭᠲᠡᠢ᠃ | ᠣᠨᠴᠠᠭᠠᠶᠢᠯᠠᠨ ᠵᠠᠷᠯᠠᠪᠠ | ᠠᠪᠠᠭ᠎ᠠ ᠬᠤᠰᠢᠭᠤᠨ ᠤ ᠣᠢ ᠰᠢᠭᠤᠢ ᠪᠠ ᠨᠣᠳᠤᠭ ᠪᠡᠯᠴᠢᠭᠡᠷ ᠤᠨ ᠲᠤᠪᠴᠢᠶ᠎ᠠ | 2024ᠣᠨ ᠤ 4 ᠰᠠᠷ᠎ᠠ ᠶᠢᠨ 7 ᠤ ᠡᠳᠦᠷ |