ᠠᠪᠠᠭ᠎ᠠ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ︽ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠬᠢ ᠪᠠᠶᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠰᠤᠷᠤᠭᠴᠢᠳ ᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠭᠤᠷᠢᠨ ᠭᠠᠵᠠᠷ ᠲᠤ  ᠣᠷᠣᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/14
     5 ᠰᠠᠷ᠎ᠠ ᠶᠢᠨ 7 ᠤ ᠡᠳᠦᠷ᠂ ᠠᠪᠠᠭ᠎ᠠ ᠬᠤᠰᠢᠭᠤᠨ ᠤ ᠰᠢᠨᠵᠢᠯᠡᠬᠦ ᠮᠡᠷᠭᠡᠵᠢᠯ ᠤᠨ ᠨᠡᠶᠢᠭᠡᠮᠯᠢᠭ ᠤᠨ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠲᠠᠢ ᠬᠠᠮᠲᠤᠷᠠᠨ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠰᠤᠷᠤᠭᠴᠢᠳ ᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠲᠤ ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ 100 ᠭᠠᠷᠤᠶ ᠰᠤᠷᠤᠭᠴᠢᠳ ᠢ ᠵᠣᠬᠢᠶᠠᠨ ᠪᠠᠶᠢᠭᠤᠯᠵᠤ ᠠᠪᠠᠭ᠎ᠠ ᠬᠤᠰᠢᠭᠤᠨ ᠤ ᠰᠢᠨᠵᠢᠯᠡᠬᠦ ᠮᠡᠷᠭᠡᠵᠢᠯ ᠤᠨ ᠣᠷᠳᠣᠨ ᠳᠤ ᠲᠣᠭᠤᠷᠢᠨ ᠦᠵᠡᠭᠦᠯᠪᠡ᠃ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠰᠢᠨ᠎ᠡ ᠶᠢ ᠡᠭᠦᠳᠬᠦ ᠴᠢᠳᠠᠪᠤᠷᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠡᠳᠬᠢᠬᠦᠢ ᠶᠢ ᠳᠡᠭᠡᠭᠰᠢᠯᠡᠭᠦᠯᠦᠨ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃      ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠦᠵᠡᠭᠦᠯᠦᠯᠭᠡ ᠶᠢᠨ ᠲᠢᠩᠬᠢᠮ ᠳᠤ᠂ ᠭᠡᠷᠡᠯ᠂ ᠴᠠᠬᠢᠯᠭᠠᠨ ᠵᠡᠷᠭᠡ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠳᠡᠯᠭᠡᠨ ᠦᠵᠡᠭᠦᠯᠬᠦ ᠡᠳ᠋ ᠨᠢ ᠮᠠᠰᠢ ᠣᠯᠠᠨ ᠰᠤᠷᠤᠭᠴᠢᠳ ᠤᠨ ᠠᠩᠬᠠᠷᠤᠯ ᠢ ᠲᠠᠲᠠᠵᠤ᠂ ᠲᠡᠳᠡ ᠢᠳᠡᠪᠬᠢᠲᠡᠶ ᠪᠠᠷ ᠠᠰᠠᠭᠤᠳᠠᠯ ᠳᠤᠷᠠᠳᠴᠤ᠂ ᠪᠡᠶ᠎ᠡ ᠪᠠᠷ ᠢᠶᠠᠨ ᠭᠠᠷ ᠬᠥᠳᠡᠯᠦᠨ ᠠᠵᠢᠯᠯᠠᠨ᠂ ᠡᠭᠦᠨ ᠤ ᠳᠣᠲᠣᠷᠠᠬᠢ ᠦᠨᠳᠦᠰᠦᠯᠡᠯ ᠪᠠ ᠨᠢᠭᠤᠴᠠ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠭᠠᠶᠢᠬᠠᠮᠰᠢᠭᠲᠤ ᠬᠦᠴᠦᠨ ᠢ ᠣᠶᠢᠯᠠᠭᠠᠪᠠ᠃      ᠲᠣᠰ ᠤᠳᠠᠭᠠᠨ ᠤ ᠲᠣᠭᠤᠷᠢᠨ ᠦᠵᠡᠵᠦ ᠣᠶᠢᠯᠠᠭᠠᠬᠤ ᠠᠵᠢᠯᠯᠠᠭ᠎ᠠ ᠨᠢ ᠰᠤᠷᠤᠭᠴᠢᠳ ᠲᠤ ᠹᠢᠽᠢᠺ᠂ ᠲᠣᠭᠠᠨ ᠤ ᠤᠬᠠᠭᠠᠨ᠂ ᠠᠮᠢᠳᠤ ᠪᠣᠳᠠᠰ ᠵᠡᠷᠭᠡ ᠲᠠᠢ ᠬᠤᠯᠪᠣᠭᠳᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠠᠮᠠᠷᠬᠠᠨ ᠡᠵᠡᠮᠰᠢᠭᠦᠯᠦᠭᠰᠡᠨ ᠢᠶᠠᠷ ᠪᠠᠷᠠᠬᠤ ᠥᠬᠡᠶ᠂ ᠪᠠᠰᠠ ᠰᠤᠷᠤᠭᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠯᠠᠰᠢ ᠥᠬᠡᠶ ᠪᠣᠯᠤᠯᠴᠠᠭ᠎ᠠ ᠶᠢ ᠦᠵᠡᠭᠦᠯᠵᠦ᠂ ᠲᠡᠳᠡᠨ ᠤ ᠬᠠᠷᠠᠭ᠎ᠠ ᠶᠢ ᠥᠷᠭᠡᠳᠬᠡᠨ᠂ ᠲᠡᠳᠡᠨ ᠤ ᠰᠢᠨ᠎ᠡ ᠶᠢ ᠡᠭᠦᠳᠬᠦ ᠰᠡᠳᠬᠢᠬᠦᠶ ᠪᠠ ᠤᠶᠢᠯᠡᠳᠤᠯᠭᠡ ᠶᠢᠨ ᠴᠢᠳᠠᠪᠤᠷᠢ ᠶᠢ ᠬᠥᠮᠦᠵᠢᠭᠦᠯᠵᠡᠶ᠃      ᠬᠤᠶᠢᠰᠢᠳᠠ᠂ ᠠᠪᠠᠭ᠎ᠠ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠬᠢ ᠪᠠᠶᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠰᠤᠷᠤᠭᠴᠢᠳ ᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠲᠤ ᠣᠷᠣᠭᠤᠯᠬᠤ ︽ᠬᠤᠤᠰ ᠣᠷᠣᠭᠤᠯᠬᠤ︾ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠤᠨ᠂ ᠰᠤᠷᠭᠠᠭᠤᠯᠢ ᠯᠤᠭ᠎ᠠ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠡᠯᠪᠡᠷᠢ ᠪᠠ ᠠᠭᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠪᠠ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号