ᠣᠯᠠᠨ ᠰᠠᠯᠠᠭ᠎ᠠ ᠮᠥᠴᠢᠷ ᠬᠠᠮᠵᠢᠯᠴᠠᠨ ᠬᠠᠮᠲᠤᠷᠠᠯᠴᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ
ᠨᠡᠶᠢᠲᠡᠯᠡᠭᠰᠡᠨ ᠴᠠᠭ᠄
2024/5/14
     ᠡᠮ ᠡᠮᠨᠡᠯᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠯᠴᠢᠨ ᠲᠦᠮᠡᠨ ᠤ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠰᠠᠶᠢᠵᠢᠷᠠᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠮᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2024 ᠣᠨ ᠳᠤ ᠠᠪᠠᠭ᠎ᠠ ᠬᠤᠰᠢᠭᠤᠨ ᠤ ᠵᠢᠷᠭᠠᠯᠠᠩᠲᠤ ᠰᠤᠮᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠲᠦᠰᠢᠭᠯᠡᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ 5 ᠰᠠᠷ᠎ᠠ ᠶᠢᠨ 7 ᠤ ᠡᠳᠦᠷ᠂  ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠵᠢᠷᠤᠵᠤ ᠲᠥᠯᠥᠪᠯᠡᠬᠦ ᠨᠢᠭᠡᠴᠡ ᠶᠢᠨ ᠬᠠᠮᠢᠶ᠎ᠠ ᠪᠥᠬᠦᠶ ᠬᠥᠮᠦᠰ ᠵᠢᠷᠭᠠᠯᠠᠩᠲᠤ ᠰᠣᠮᠣᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠦᠨᠵᠡᠭᠡᠶᠢᠷᠡᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠰᠣᠮᠣᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠶᠠᠷᠢᠯᠴᠠᠬᠤ ᠬᠤᠷᠠᠯ ᠬᠤᠷᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠣᠷᠣᠭᠤᠯᠤᠯᠲᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠵᠢᠴᠢ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠰᠡᠬᠦ ᠡᠯ᠎ᠡ ᠴᠢᠳᠠᠮᠵᠢ ᠶᠢᠨ ᠲᠠᠰᠤᠭ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠵᠦ᠂ ᠲᠣᠭᠲᠠᠭᠰᠠᠨ ᠬᠤᠭᠤᠴᠠᠭᠠᠨ ᠳᠤ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠪᠠ᠃      ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠨᠢ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠲᠠᠢ ᠬᠤᠯᠪᠣᠭᠳᠠᠵᠤ᠂ ᠥᠴᠦᠬᠡᠨ ᠴᠦ ᠬᠠᠰᠢ ᠶᠠᠰᠢ ᠪᠠᠶᠢᠵᠤ ᠪᠣᠯᠬᠤ ᠦᠭᠡᠢ᠃ ᠵᠢᠷᠭᠠᠯᠠᠩᠲᠤ ᠰᠤᠮᠤ ᠦᠷᠭᠦᠯᠵᠢᠯᠡᠨ ︽ᠠᠷᠠᠳ ᠤᠨ ᠠᠮᠢᠳᠤᠷᠠᠯ ᠤᠨ ᠠᠰᠢᠭ ᠲᠤᠰᠠ ᠶᠢ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠵᠣᠪᠠᠨᠢᠯ ᠢ ᠰᠢᠢᠳᠪᠤᠷᠢᠯᠡᠬᠦ︾ ᠪᠠᠷ ᠠᠵᠢᠯ ᠤᠨ ᠭᠤᠤᠯᠳᠠᠯᠭ᠎ᠠ ᠪᠣᠯᠭᠠᠵᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠᠷ ᠦᠨᠡᠯᠡᠬᠦ ᠪᠠᠷᠢᠮᠵᠢᠶ᠎ᠠ ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠲᠦᠷᠭᠡᠳᠬᠡᠨ ᠠᠬᠢᠭᠤᠯᠬᠤ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ︽ᠬᠡᠷ ᠤᠨ ᠡᠭᠦᠳᠡᠨ︾ ᠳᠤ ᠦᠨᠳᠦᠰᠦᠯᠡᠭᠦᠯᠦᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号