ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠣᠨ ᠤ ᠪᠠᠶᠠᠨᠨᠠᠭᠤᠷ ᠭᠠᠴᠠᠭ᠎ᠠ ᠪᠣᠯ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠤᠨ ᠬᠤᠶᠢᠲᠤ ᠵᠠᠬ᠎ᠠ ᠪᠠᠷ ᠪᠠᠶᠢᠷᠢᠯᠠᠵᠤ᠂ ᠡᠯᠡᠰᠦᠷᠬᠡᠭ ᠭᠠᠵᠠᠷ ᠤᠨ ᠲᠠᠯ᠎ᠠ ᠨᠣᠳᠤᠭ ᠲᠤ | ᠬᠠᠷᠢᠶᠠᠯᠠᠭᠳᠠᠵᠤ᠂ ᠪᠦᠬᠦ ᠭᠠᠴᠠᠭᠠᠨ ᠤ 61 ᠲᠦᠮᠡᠨ ᠮᠦ ᠨᠣᠳᠤᠭ ᠪᠡᠯᠴᠢᠭᠡᠷ ᠤᠨ ᠡᠯᠡᠰᠦᠷᠬᠡᠭ ᠭᠠᠵᠠᠷ ᠨᠢ ᠵᠠᠭᠤᠨ ᠤ | ᠶᠡᠷᠡ ᠭᠠᠷᠤᠢ ᠶᠢ ᠡᠵᠡᠯᠡᠵᠦ᠂ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠲᠤᠭᠲᠠᠪᠤᠷᠢᠵᠢᠭᠤᠯᠬᠤ ᠡᠭᠦᠷᠭᠡ ᠬᠦᠨᠳᠦ | ᠪᠠᠶᠢᠳᠠᠭ᠃ ᠤᠳᠤ ᠪᠣᠯᠬᠤ ᠳᠤ᠂ ᠣᠢ ᠰᠢᠭᠤᠢ ᠮᠤᠳᠤ ᠬᠦᠬᠡᠷᠡᠨ ᠨᠤᠭᠤᠭᠠᠷᠠᠵᠤ᠂ ᠨᠠᠭᠤᠷ ᠤᠨ ᠤᠰᠤ | ᠳᠤᠩᠭᠠᠯᠠᠭᠰᠢᠵᠤ᠂ ᠡᠯ᠎ᠡ ᠵᠦᠢᠯ ᠤᠨ ᠰᠢᠪᠠᠭᠤᠳ ᠤᠨ ᠤᠷᠤᠰᠢᠨ ᠠᠮᠢᠳᠤᠷᠠᠬᠤ ᠳᠤ ᠳᠤᠬᠢᠷᠠᠮᠵᠢᠲᠠᠢ ᠭᠠᠵᠠᠷ ᠪᠣᠯᠵᠤ᠂ | ᠮᠠᠩᠬᠠᠨ ᠨᠣᠳᠤᠭ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠯᠲᠡ ᠶᠢᠨ ᠰᠢᠨ᠎ᠡ ᠵᠢᠷᠤᠭ ᠡᠨᠡ ᠨᠣᠳᠤᠭ ᠲᠤ | ᠠᠯᠭᠤᠷᠬᠠᠨ ᠲᠡᠯᠭᠡᠭᠳᠡᠵᠦ ᠪᠤᠢ᠃ | ᠪᠠᠶᠠᠨᠨᠠᠭᠤᠷ ᠭᠠᠴᠠᠭᠠᠨ ᠤ ᠮᠠᠯᠴᠢᠨ ᠭᠠᠩᠪᠣᠯᠣᠳ ᠤᠨ ᠬᠢᠨ ᠤ 8000 ᠮᠦ ᠨᠣᠳᠤᠭ ᠲᠤ 1000 ᠭᠠᠷᠤᠢ | ᠮᠦ ᠪᠠᠶᠢᠭᠠᠯᠢᠯᠢᠭ ᠣᠯᠠᠭᠠᠨ ᠪᠤᠷᠭᠠᠰᠤ ᠤᠷᠭᠤᠵᠠᠢ᠃ ᠣᠯᠠᠭᠠᠨ ᠪᠤᠷᠭᠠᠰᠤ ᠨᠢ ᠭᠡᠷᠡᠯ ᠳᠤ ᠳᠤᠷᠠᠲᠠᠢ᠂ ᠭᠠᠩ ᠳᠤ | ᠳᠠᠭᠠᠭᠠᠴᠠ ᠲᠠᠢ᠂ ᠭᠦᠢᠳᠡᠨ ᠳᠤ ᠲᠡᠰᠪᠤᠷᠢᠲᠡᠢ᠂ ᠤᠰᠤ ᠴᠢᠭᠢᠭ ᠲᠤ ᠰᠠᠶᠢᠨ᠂ ᠵᠠᠰᠠᠵᠤ ᠬᠠᠳᠤᠬᠤ ᠳᠤ ᠠᠯᠵᠢᠬᠤ | ᠦᠭᠡᠢ᠂ ᠮᠠᠩᠬᠠᠨ ᠨᠣᠳᠤᠭ ᠲᠤ ᠦᠷᠭᠡᠨ ᠢᠶᠠᠷ ᠲᠠᠷᠬᠠᠵᠤ ᠪᠠᠶᠢᠭ᠎ᠠ ᠤᠷᠭᠤᠮᠠᠯ ᠤᠨ ᠨᠢᠭᠡ ᠪᠠᠶᠢᠵᠤ᠂ ᠰᠠᠯᠬᠢ ᠶᠢ | ᠬᠠᠯᠬᠠᠯᠠᠨ ᠡᠯᠡᠰᠦ ᠶᠢ ᠲᠤᠭᠲᠠᠪᠤᠷᠢᠵᠢᠭᠤᠯᠬᠤ ᠰᠢᠯᠢᠳᠡᠭ ᠰᠠᠶᠢᠨ ᠣᠷᠭᠤᠮᠠᠯ ᠪᠣᠯᠬᠤ ᠪᠠᠷ ᠪᠠᠷᠠᠬᠤ ᠦᠭᠡᠢ᠂ ᠪᠠᠰᠠ | ᠬᠦᠷᠦᠰᠦ ᠰᠢᠷᠤᠢ ᠶᠢ ᠬᠠᠮᠠᠭᠠᠯᠠᠵᠤ ᠣᠶᠢᠵᠢᠭᠤᠯᠬᠤ ᠮᠤᠳᠤᠨ ᠤ ᠲᠦᠷᠦᠯ ᠪᠤᠯᠤᠨ᠎ᠠ᠃ | ᠣᠯᠠᠭᠠᠨ ᠪᠣᠷᠭᠠᠰᠤ ᠶᠢᠨ ᠣᠷᠭᠤᠯᠲᠠ ᠶᠢ ᠪᠠᠲᠤᠯᠠᠬᠤ ᠳᠤ ᠨᠠᠷᠢᠨ ᠨᠢᠮᠪᠠᠢ ᠠᠷᠠᠴᠢᠯᠠᠭ᠎ᠠ ᠬᠠᠮᠠᠭᠠᠯᠠᠯᠲᠠ ᠠᠴᠠ | ᠰᠠᠯᠵᠤ ᠴᠢᠳᠠᠬᠤ ᠦᠭᠡᠢ ᠨᠢ ᠳᠠᠮᠵᠢᠭ ᠦᠭᠡᠢ᠃ ᠬᠡᠭᠡᠷ᠎ᠡ ᠶᠢᠨ ᠤᠷᠭᠤᠮᠠᠯ ᠪᠠᠶᠢᠭᠰᠠᠨ ᠴᠦ ᠵᠢᠯ ᠳᠤᠷᠰᠢ ᠬᠠᠮᠠᠭᠠᠯᠠᠵᠤ | ᠵᠠᠰᠠᠬᠤ ᠴᠢᠬᠤᠯᠠ ᠲᠠᠢ ᠬᠡᠮᠡᠨ ᠭᠠᠩᠪᠤᠯᠤᠳ ᠦᠵᠡᠳᠡᠭ ᠶᠤᠮ ᠪᠣᠯᠬᠤᠷ 1999 ᠣᠨ ᠠᠴᠠ ᠣᠳᠣ ᠪᠣᠯᠲᠠᠯ᠎ᠠ᠂ | ᠲᠡᠷᠡ ᠨᠣᠳᠤᠭ ᠲᠡᠭᠡᠷᠡᠬᠢ ᠬᠡᠭᠡᠷ᠎ᠡ ᠶᠢᠨ ᠣᠯᠠᠭᠠᠨ ᠪᠣᠷᠭᠠᠰᠣᠨ ᠤ ᠤᠭ ᠤᠨ ᠪᠣᠭ ᠢ ᠠᠷᠢᠯᠭᠠᠬᠤ᠂ ᠣᠰᠤᠯᠠᠬᠤ᠂ | ᠬᠤᠪᠠᠭ᠋ᠠᠶᠢᠷᠠᠭᠰᠠᠨ ᠰᠠᠯᠠᠭ᠎ᠠ ᠶᠢ ᠨᠢ ᠵᠠᠰᠠᠬᠤ᠂ ᠡᠪᠡᠳᠴᠢᠨ ᠬᠤᠷᠤᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠬᠤ | ᠵᠡᠷᠭᠡ ᠪᠠᠷ ᠠᠷᠠᠴᠢᠯᠠᠨ ᠬᠠᠮᠠᠭᠠᠯᠠᠵᠤ᠂ ᠤᠷᠭᠤᠯᠲᠠ ᠶᠢ ᠨᠢ ᠬᠠᠮᠠᠭᠠᠯᠠᠭᠰᠠᠭᠠᠷ ᠢᠷᠡᠵᠡᠢ᠃ | ︽ᠶᠠᠷᠢᠶᠠᠨ ᠦᠭᠡᠢ ᠣᠯᠠᠭᠠᠨ ᠪᠤᠷᠭᠠᠰᠣᠨ ᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ | ᠲᠤᠭᠲᠠᠪᠤᠷᠢᠵᠢᠭᠤᠯᠬᠤ ᠦᠢᠯᠡᠳᠦᠯ ᠮᠠᠰᠢ ᠰᠠᠶᠢᠨ ᠪᠠᠶᠢᠵᠤ᠂ ᠰᠠᠯᠬᠢ ᠰᠢᠭᠤᠷᠭ᠎ᠠ ᠶᠢ ᠬᠠᠯᠬᠠᠯᠠᠵᠤ᠂ ᠮᠠᠩᠬᠠᠨ ᠤ ᠦᠬᠡᠷ | ᠪᠡᠯᠴᠢᠭᠡᠷ ᠤᠨ ᠪᠣᠷᠭᠠᠰᠤᠨ ᠳᠤ ᠪᠠᠨ ᠬᠤᠨᠤᠬᠤ ᠳᠤ ᠭᠤᠶᠤ ᠨᠦᠮᠦᠷᠢ ᠲᠠᠢ ᠪᠠᠶᠢᠳᠠᠭ᠃ ᠡᠭᠦᠨ ᠠᠴᠠ ᠭᠠᠳᠠᠨ᠎ᠠ | ᠤᠯᠠᠭᠠᠨ ᠪᠤᠷᠭᠠᠰᠤᠨ ᠤ ᠬᠤᠪᠠᠭ᠋ᠠᠶᠢᠷᠠᠭᠰᠠᠨ ᠰᠠᠯᠠᠭ᠎ᠠ ᠨᠠᠮᠠᠭ᠎ᠠ᠂ ᠦᠨᠳᠦᠰᠦ ᠨᠢ ᠬᠠᠲᠠᠭᠤ ᠪᠦᠭᠡᠳ ᠨᠢᠭᠲᠠ ᠲᠤᠯᠠ | ᠲᠦᠯᠡᠭᠡ ᠪᠣᠯᠭᠠᠨ ᠬᠡᠷᠡᠭᠯᠡᠵᠦ ᠪᠤᠯᠤᠨ᠎ᠠ᠃ ᠪᠠᠰᠠ ᠰᠠᠯᠠᠭ᠎ᠠ ᠨᠠᠮᠠᠭ᠎ᠠ ᠨᠢ ᠤᠶᠠᠨ ᠵᠦᠭᠡᠯᠡᠨ᠂ ᠤᠷᠲᠤ ᠪᠣᠯᠬᠤᠷ | ᠬᠤᠷᠤᠭ᠎ᠠ ᠬᠠᠰᠢᠶ᠎ᠠ᠂ ᠬᠤᠷᠤᠭ᠎ᠠ ᠬᠠᠰᠢᠶᠠᠨ ᠤ ᠡᠭᠦᠳᠡ᠂ ᠪᠠᠭᠠᠵᠢ ᠬᠡᠷᠡᠭᠰᠡᠯ᠂ ᠡᠳᠦᠷ ᠲᠤᠳᠤᠮ ᠤᠨ ᠬᠡᠷᠡᠭᠯᠡᠭᠡᠨ ᠤ | ᠵᠦᠢᠯᠡᠰ ᠢ ᠬᠦᠷᠦᠵᠦ ᠪᠤᠯᠤᠨ᠎ᠠ᠃ ᠤᠯᠠᠭᠠᠨ ᠪᠤᠷᠭᠠᠰᠤᠨ ᠤ ᠦᠢᠯᠡᠳᠪᠤᠷᠢᠯᠡᠯ ᠠᠮᠢᠳᠤᠷᠠᠯ ᠳᠤᠮᠳᠠᠬᠢ ᠬᠡᠷᠡᠭᠴᠡᠭᠡ | ᠦᠢᠯᠡᠳᠦᠯ ᠮᠠᠰᠢ ᠦᠷᠭᠡᠨ ᠪᠠᠶᠢᠳᠠᠭ ᠰᠢᠦ︾ ᠬᠡᠮᠡᠨ ᠭᠠᠩᠪᠤᠯᠤᠳ ᠲᠠᠨᠢᠯᠴᠠᠭᠤᠯᠤᠨ᠎ᠠ᠃ | 20 ᠭᠠᠷᠤᠢ ᠵᠢᠯ ᠤᠨ ᠳᠤᠷᠰᠢ ᠤᠯᠠᠭᠠᠨ ᠪᠤᠷᠭᠠᠰᠤ ᠪᠠᠨ ᠬᠠᠮᠠᠭᠠᠯᠠᠵᠤ ᠢᠷᠡᠭᠰᠡᠨ ᠲᠤᠬᠠᠢ ᠪᠠᠨ | ᠶᠠᠷᠢᠬᠤ ᠳᠤ ᠪᠠᠨ ᠭᠠᠩᠪᠤᠯᠤᠳ᠄ ︽ᠠᠩᠬ᠎ᠠ ᠡᠬᠢᠯᠡᠭᠡᠳ ᠪᠡᠯᠴᠢᠭᠡᠷ ᠲᠤ ᠪᠠᠶᠢᠭᠠᠯᠢᠯᠢᠭ ᠢᠶᠠᠷ ᠤᠷᠭᠤᠭᠰᠠᠨ ᠤᠯᠠᠭᠠᠨ | ᠪᠤᠷᠭᠠᠰᠤ ᠪᠠᠨ ᠤᠷᠭᠤᠯᠲᠠ ᠰᠠᠶᠢᠲᠠᠢ ᠪᠠᠶᠢᠯᠭᠠᠵᠤ᠂ ᠡᠯᠡᠰᠦ ᠶᠢ ᠲᠤᠭᠲᠠᠪᠤᠷᠢᠵᠢᠭᠤᠯᠬᠤ ᠦᠢᠯᠡᠳᠦᠯ ᠢ ᠨᠢ | ᠪᠠᠳᠠᠷᠠᠭᠤᠯᠤᠶ᠎ᠠ ᠬᠡᠮᠡᠨ ᠲᠦᠭᠦᠮᠬᠡᠨ ᠵᠤᠷᠢᠯᠲᠠ ᠲᠠᠢ ᠬᠠᠮᠠᠭᠠᠯᠠᠵᠤ ᠪᠠᠶᠢᠭᠰᠠᠨ᠃ ᠬᠡᠷᠪᠡ ᠠᠷᠠᠴᠢᠠᠯᠵᠤ ᠬᠠᠮᠠᠭᠠᠯᠠᠬᠤ | ᠦᠭᠡᠢ ᠪᠣᠯ ᠲᠤᠭ᠎ᠠ ᠬᠡᠮᠵᠢᠶ᠎ᠡ ᠪᠤᠯᠤᠨ ᠲᠠᠯᠠᠪᠠᠢ ᠨᠢ ᠵᠢᠯ ᠠᠴᠠ ᠵᠢᠯ ᠪᠠᠭᠠᠰᠬᠤ ᠯᠡ ᠪᠤᠯᠤᠨ᠎ᠠ᠃ ᠣᠳᠠᠭᠠᠨ ᠵᠢᠯ | ᠪᠠᠷᠢᠮᠲᠠᠯᠠᠨ᠎ᠠ ᠭᠡᠵᠦ ᠦᠨᠡᠨ ᠳᠤ ᠪᠠᠨ ᠭᠡᠴᠡᠭᠦᠬᠡᠨ ᠠᠵᠢᠯ ᠶᠤᠮ ᠡ᠃ ᠭᠡᠪᠡᠴᠦ ᠶᠠᠭᠠᠬᠢᠬᠤᠪ ᠡᠳᠡᠭᠡᠷ ᠵᠢᠯ ᠤᠳ ᠲᠤ | ᠢᠯᠡᠳᠲᠡ ᠦᠷ᠎ᠡ ᠪᠦᠳᠦᠮᠵᠢ ᠤᠯᠤᠭᠰᠠᠨ ᠤ ᠲᠡᠭᠡᠷ᠎ᠡ ᠣᠶᠢᠷ᠎ᠠ ᠶᠢᠨ ᠬᠡᠳᠦᠨ ᠵᠢᠯ ᠤᠨ ᠲᠦᠷᠦ ᠶᠢᠨ ᠪᠣᠳᠣᠯᠭ᠎ᠠ ᠶᠢᠨ | ᠣᠬᠠᠭᠤᠯᠭ᠎ᠠ ᠪᠠᠷ ᠡᠷᠬᠢᠨ ᠲᠤᠭᠤᠷᠢᠨ ᠤ ᠠᠶᠢᠯ ᠰᠠᠬᠠᠭᠠᠯᠲᠠ ᠶᠢᠨ ᠮᠠᠯᠴᠢᠳ ᠴᠦ ᠦᠪᠡᠷ ᠦᠪᠡᠷ ᠤᠨ ᠨᠣᠳᠤᠭ | ᠪᠡᠯᠴᠢᠭᠡᠷ ᠲᠤ ᠪᠠᠨ ᠡᠯ᠎ᠡ ᠵᠦᠢᠯ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠤᠷᠭᠤᠮᠠᠯ ᠢ ᠲᠠᠷᠢᠵᠤ᠂ | ᠮᠠᠩᠬᠠᠨ ᠨᠣᠳᠤᠭ ᠮᠠᠨᠢ ᠨᠤᠭᠤᠭᠠᠷᠠᠵᠤ ᠢᠷᠡᠯ᠎ᠡ᠃ ᠠᠮᠢ ᠠᠬᠤᠢ ᠶᠢᠨ ᠤᠷᠴᠢᠨ ᠲᠤᠭᠤᠷᠢᠨ ᠰᠠᠶᠢᠵᠢᠷᠠᠭᠠᠳ ᠢᠷᠡᠬᠦ ᠳᠤ | ᠵᠢᠭᠤᠯᠴᠢᠯᠠᠯ ᠳᠠᠭᠠᠯᠳᠤᠨ ᠬᠦᠭᠵᠢᠵᠦ᠂ ᠠᠵᠤ ᠠᠬᠤᠢ ᠶᠢᠨ ᠤᠷᠤᠯᠭ᠎ᠠ ᠡᠭᠦᠳᠬᠦ ᠪᠣᠯᠣᠮᠵᠢ ᠶᠡᠭᠡ ᠪᠣᠯᠣᠭᠰᠠᠨ︾ | ᠭᠡᠵᠦ ᠤᠴᠢᠷᠯᠠᠨ᠎ᠠ᠃ | ᠬᠤᠯᠠᠨ ᠰᠢᠷᠭ᠎ᠠ ᠳᠠᠭ᠎ᠠ ᠶᠢᠨ ᠡᠯᠡᠦᠰᠷᠭᠡᠭ ᠭᠠᠵᠠᠷ ᠤᠨ ᠠᠪᠠᠭ᠎ᠠ ᠬᠤᠰᠢᠭᠤᠨ ᠳᠠᠬᠢ ᠲᠠᠯᠠᠪᠠᠢ 596.82 | ᠲᠦᠮᠡᠨ ᠮᠦ ᠪᠠᠶᠢᠵᠤ᠂ ᠪᠦᠬᠦ ᠬᠤᠰᠢᠭᠤᠨ ᠤ ᠨᠣᠳᠤᠭ ᠳᠡᠪᠢᠰᠭᠡᠷ ᠤᠨ ᠶᠡᠷᠦᠩᠬᠡᠢ ᠲᠠᠯᠠᠪᠠᠢ ᠶᠢᠨ 14.47% ᠶᠢ | ᠡᠵᠡᠯᠡᠳᠡᠭ᠃ 20 ᠭᠠᠷᠤᠢ ᠵᠢᠯ ᠤᠨ ᠳᠤᠷᠰᠢ᠂ ᠪᠠᠶᠠᠨᠨᠠᠭᠤᠷ ᠭᠠᠴᠠᠭ᠎ᠠ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ | ᠵᠠᠰᠠᠬᠤ ᠶᠢ ᠭᠤᠣᠯᠳᠠᠯᠭ᠎ᠠ ᠲᠠᠢ ᠡᠭᠦᠷᠭᠡ ᠪᠣᠯᠭᠠᠵᠤ᠂ 2.4 ᠲᠦᠮᠡᠨ ᠮᠦ ᠮᠠᠩᠬᠠᠨ ᠨᠣᠳᠤᠭ ᠢᠶᠠᠨ ᠵᠠᠰᠠᠵᠤ ᠰᠡᠷᠭᠦᠭᠡᠬᠦ | ᠲᠦᠷᠦᠯ ᠵᠦᠢᠯ ᠤᠨ ᠲᠤᠭᠤᠷᠢᠭ ᠲᠤ ᠤᠷᠤᠭᠤᠯᠵᠤ᠂ ︽ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ︾ | ᠲᠦᠷᠦᠯ ᠵᠦᠢᠯ᠂ ᠨᠣᠳᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ᠂ ᠮᠠᠯ ᠪᠡᠯᠴᠢᠭᠡᠷ ᠤᠨ | ᠳᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠤᠭᠰᠤᠭᠠᠬᠤ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠠᠮᠢ | ᠠᠬᠤᠢ ᠶᠢᠨ ᠢᠨᠵᠧᠨᠧᠷᠢᠩ ᠢ ᠵᠠᠯᠭᠠᠪᠠᠷ ᠬᠡᠷᠡᠭᠵᠢᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠭᠠᠴᠠᠭᠠᠨ ᠤ ︽ᠬᠤᠶᠠᠷ | ᠵᠦᠪᠯᠡᠯ︾ ᠤᠨ ᠢᠳᠡᠪᠬᠢᠲᠡᠢ ᠳᠠᠶᠢᠴᠢᠯᠠᠯᠲᠠ ᠲᠤᠤᠷ᠎ᠠ᠂ ᠲᠤᠬᠠᠢ ᠶᠢᠨ ᠭᠠᠵᠠᠷ ᠤᠨ ᠮᠠᠯᠴᠢᠳ ︽ᠡᠯᠡᠰᠦ ᠶᠢ ᠵᠠᠰᠠᠬᠤ︾ | ᠡᠩᠨᠡᠭᠡᠨ ᠳᠤ ᠬᠤᠰᠢᠭᠤᠷᠠᠨ᠂ ᠪᠠᠶᠠᠨᠨᠠᠭᠤᠷ ᠭᠠᠴᠠᠭᠠᠨ ᠤ ᠡᠯᠡᠰᠦᠷᠬᠡᠭᠵᠢᠭᠰᠡᠨ ᠨᠣᠳᠤᠭ ᠢ ᠵᠠᠰᠠᠵᠤ ᠰᠡᠷᠭᠦᠭᠡᠬᠦ | ᠲᠦᠷᠦᠯ ᠵᠦᠢᠯ ᠤᠨ ᠲᠤᠭᠤᠷᠢᠭ ᠲᠠᠬᠢ ᠡᠯᠡᠰᠦᠷᠬᠡᠭ ᠭᠠᠵᠠᠷ ᠨᠢ ᠪᠠᠶᠠᠨ ᠪᠦᠷᠢᠳᠦ ᠪᠣᠯᠣᠭᠰᠠᠨ ᠭᠤᠶᠢᠳᠠ ᠬᠤᠪᠢᠷᠠᠯᠲᠠ | ᠲᠠᠢ ᠪᠣᠯᠵᠤ᠂ ᠪᠦᠬᠦᠶᠢᠯᠡ ᠠᠮᠢ ᠠᠬᠤᠢ ᠶᠢᠨ ᠤᠷᠴᠢᠨ ᠲᠤᠭᠤᠷᠢᠨ ᠴᠦ ᠢᠯᠡᠳᠲᠡ ᠰᠠᠶᠢᠵᠢᠷᠠᠯᠲᠠ ᠲᠠᠢ ᠪᠣᠯᠣᠭᠰᠠᠨ | ᠪᠠᠶᠢᠨ᠎ᠠ᠃ | ᠨᠤᠭᠤᠭᠠᠨ ᠦᠩᠭᠡ ᠶᠢᠨ ᠠᠮᠢᠵᠢᠷᠠᠯ ᠪᠢᠯᠬᠠᠭᠰᠠᠨ ᠦᠩᠭᠡ᠂ ᠪᠠᠰᠠ ᠴᠦ ᠴᠢᠨᠠᠷ ᠰᠠᠶᠢᠲᠠᠢ ᠬᠦᠭᠵᠢᠯᠲᠡ ᠶᠢᠨ | ᠰᠠᠭᠤᠷᠢ ᠦᠩᠭᠡ ᠮᠦᠨ᠃ ᠨᠣᠳᠤᠭ ᠤᠰᠤ ᠨᠢ ᠨᠤᠮᠢᠨ ᠨᠤᠭᠤᠭᠠᠨ ᠢᠶᠠᠷ ᠦᠶᠡᠯᠵᠡᠵᠦ᠂ ᠠᠮᠢ ᠠᠬᠤᠢ ᠨᠢ ᠰᠡᠷᠭᠦᠯᠲᠡ | ᠰᠠᠶᠢᠲᠠᠢ᠂ ᠠᠭᠤᠷ ᠠᠮᠢᠰᠬᠤᠯ ᠨᠠ ᠴᠡᠪᠡᠷ ᠳᠤᠩᠭᠠᠯᠠᠭ ᠪᠣᠯᠬᠤ ᠳᠤ ᠡᠨᠡ ᠨᠣᠳᠤᠭ ᠤᠨ ᠬᠦᠮᠦᠨ ᠠᠷᠠᠳ ᠨᠢ ᠮᠠᠩᠨᠠᠢ | ᠲᠡᠨᠢᠭᠡᠷ ᠪᠠᠶᠢᠬᠤ ᠨᠢ ᠳᠠᠮᠵᠢᠭ ᠦᠭᠡᠢ᠃ ᠮᠦᠨᠴᠦ ᠭᠠᠩᠪᠤᠯᠤᠳ ᠮᠡᠲᠦ ᠶᠢᠨ ᠣᠯᠠᠨ ᠣᠯᠠᠨ ᠠᠮᠢ ᠠᠬᠤᠢ ᠪᠠᠨ | ᠰᠡᠷᠭᠦᠭᠡᠬᠦ ᠪᠠᠷ ᠬᠦᠴᠦ ᠬᠦᠳᠡᠯᠮᠦᠷᠢ ᠪᠠᠨ ᠰᠢᠪᠬᠠᠵᠤ ᠶᠠᠪᠤᠭ᠎ᠠ ᠮᠠᠯᠴᠢᠨ ᠲᠦᠮᠡᠨ ᠤ ᠤᠷᠲᠤ ᠣᠳᠠᠭᠠᠨ ᠤ ᠪᠠᠷᠢᠮᠲᠠᠯᠠᠯ | ᠪᠠᠶᠢᠭᠰᠠᠨ ᠴᠠᠭ ᠲᠤ ᠠᠮᠢᠯᠠᠯ ᠤᠨ ᠨᠤᠭᠤᠭᠠᠨ ᠦᠩᠭᠡ ᠡᠨᠡ ᠨᠣᠳᠤᠭ ᠲᠤ ᠮᠦᠩᠬᠡ ᠵᠢᠷᠤᠭᠯᠠᠭᠳᠠᠬᠤ ᠯᠠᠪᠲᠠᠢ᠃ |