ᠠᠪᠠᠭ᠎ᠠ ᠬᠤᠰᠢᠭᠤᠨ ᠤ ᠵᠠᠰᠠᠭ ᠤᠨ ᠣᠷᠳᠣᠨ ᠨᠠᠮ ᠤᠨ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/21
     5 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠠᠰᠤᠨᠪᠠᠲᠤ 2024 ᠣᠨ ᠤ ᠵᠢᠷᠭᠤᠳᠤᠭᠠᠷ ᠤᠳᠠᠭᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ 4 ᠰᠠᠷ᠎ᠠ ᠶᠢᠨ 30 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ ᠬᠠᠯᠠᠭᠤᠨ ᠳᠤᠯᠠᠭᠠᠨ ᠢᠨᠵᠧᠨᠧᠷᠢᠩ︾ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠰᠠᠭ ᠤᠨ ᠣᠷᠳᠣᠨ ᠤ ᠰᠢᠰᠲ᠋ᠧᠮ ᠤᠨ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠠᠷᠢᠭᠤᠨ᠂ ᠯᠢ ᠵᠢᠶᠦ᠋ᠨ᠂ ᠮᠠ ᠪᠦᠦ ᠯᠢᠨ᠂ ᠭᠦᠸᠧ ᠴᠦᠨ ᠮᠧᠢ ᠬᠤᠷᠠᠯ ᠳᠤ ᠣᠷᠣᠯᠴᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠴᠢᠨᠠᠷ ᠰᠠᠶᠢᠲᠠᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠥᠷᠨᠢᠭᠦᠯᠵᠦ᠂ ᠺᠠᠳ᠋ᠷ ᠠᠵᠢᠯᠲᠠᠳ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠴᠢᠷᠮᠠᠶᠢᠨ ᠬᠥᠮᠦᠵᠢᠭᠦᠯᠬᠦ ᠬᠡᠷᠡᠭᠲᠡᠢ᠃ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠵᠠᠳᠠᠯᠤᠨ ᠮᠠᠭᠠᠳᠯᠠᠬᠤ ᠪᠠ ᠲᠤᠬᠢᠷᠠᠭᠤᠯᠤᠨ ᠪᠠᠶᠢᠷᠢᠯᠠᠭᠤᠯᠬᠤ ᠳᠡᠭᠡᠷ᠎ᠡ ᠨᠢᠭᠡᠳᠬᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠭᠡᠷ᠎ᠡ ᠲᠣᠭᠲᠠᠬᠤ ᠶᠢ ᠨᠠᠶᠢᠳᠠᠪᠤᠷᠢᠵᠢᠭᠤᠯᠬᠤ ᠵᠡᠷᠭᠡ ᠡᠯ᠎ᠡ ᠵᠦᠢᠯ ᠤᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠨᠡᠩ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ︽ᠬᠠᠯᠠᠭᠤᠨ ᠳᠤᠯᠠᠭᠠᠨ ᠢᠨᠵᠧᠨᠧᠷᠢᠩ︾ ᠢ ᠯᠠᠪᠳᠠᠭᠤᠨ ᠪᠠᠲᠤᠲᠠᠶ ᠥᠷᠨᠢᠭᠦᠯᠵᠦ᠂ ︽ᠡᠪᠦᠯ ᠤᠨ ᠡᠪᠡᠳᠴᠢᠨ ᠢ ᠵᠣᠨ ᠵᠠᠰᠠᠬᠤ︾ ᠶᠢ ᠪᠠᠷᠢᠮᠲᠠᠯᠠᠨ᠂ ᠠᠶᠤᠯᠭᠦᠶ ᠦᠢᠯᠡᠳᠪᠦᠷᠢᠯᠡᠯ ᠪᠠ ᠢᠨᠵᠧᠨᠧᠷᠢᠩ ᠤᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠰᠠᠶᠢᠲᠤᠷ ᠠᠬᠢᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠣᠷᠣᠯᠴᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠ ᠠᠮᠢ ᠠᠬᠤᠢ ᠶᠢᠨ ᠬᠠᠮᠠᠭᠠᠯᠠᠯᠲᠠ ᠶᠢᠨ ᠬᠤᠤᠰ ᠠᠮᠵᠢᠯᠲᠠ ᠶᠢ ᠪᠡᠶᠡᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号