ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠰᠪᠠᠭᠠᠲᠤᠷ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/21
     5 ᠰᠠᠷ᠎ᠠ ᠶᠢᠨ 17 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠰᠪᠠᠭᠠᠲᠤᠷ ᠠᠪᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠦᠵᠡᠭᠦᠯᠭᠡ ᠶᠢᠨ ᠲᠢᠩᠬᠢᠮ᠂ ᠬᠤᠰᠢᠭᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠨᠠᠰᠤᠲᠠᠶᠢᠴᠤᠳ ᠤᠨ ᠠᠵᠢᠯᠯᠠᠭᠠᠨ ᠤ ᠲᠥᠪ ᠵᠡᠷᠭᠡ ᠭᠠᠵᠠᠷ ᠢᠶᠠᠷ ᠭᠦᠨᠵᠡᠭᠡᠶᠢᠷᠡᠨ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠤᠷᠤᠬᠦᠦ᠂ ᠵᠠᠩ ᠰᠢᠤᠢ ᠳ᠋ᠦᠩ ᠪᠠᠷ᠎ᠠ ᠪᠣᠯᠵᠤ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃      ᠬᠠᠰᠪᠠᠭᠠᠲᠤᠷ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠰᠢᠨᠵᠢᠯᠡᠨ ᠪᠠᠶᠢᠴᠠᠭᠠᠬᠤ ᠴᠡᠭ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠡᠵᠡᠩᠨᠡᠯᠲᠡ ᠶᠢᠨ ᠵᠠᠭᠪᠤᠷ᠂ ᠨᠡᠶᠢᠭᠡᠮ ᠤᠨ ᠦᠢᠯᠡᠴᠢᠯᠡᠭᠡᠨ ᠤ ᠦᠷ᠎ᠡ ᠪᠦᠲᠦᠮᠵᠢ ᠵᠡᠷᠭᠡ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠪᠠ᠃      ᠬᠠᠰᠪᠠᠭᠠᠲᠤᠷ ᠴᠢᠬᠤᠯᠠᠴᠢᠯᠠᠭᠰᠠᠨ ᠨᠢ᠂ ᠳᠦᠷᠢᠮ ᠤᠨ ᠦᠵᠡᠭᠦᠯᠦᠯᠭᠡ ᠶᠢᠨ ᠲᠢᠩᠬᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠭᠰᠠᠭᠠᠯ ᠤᠨ ᠭᠠᠵᠠᠷ ᠤᠨ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ ᠣᠬᠠᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠯᠢᠭᠡᠷ ᠢ ᠰᠠᠶᠢᠲᠤᠷ ᠶᠠᠷᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠠᠭᠤᠨ ᠢ ᠳᠠᠮᠵᠢᠭᠤᠯᠤᠨ᠂ ᠠᠷᠠᠳ ᠤᠯᠠᠨ ᠳᠤ ᠨᠡᠩ ᠰᠠᠶᠢᠨ ᠦᠢᠯᠡᠴᠢᠯᠡᠬᠦ ᠬᠡᠷᠡᠭᠲᠡᠢ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠭᠤᠤᠯ ᠪᠡᠯᠡᠳᠬᠡᠮᠵᠢ ᠲᠥᠬᠦᠭᠡᠷᠦᠮᠵᠢ ᠶᠢ ᠤᠯᠠᠮ ᠨᠢᠭᠡ ᠠᠯᠬᠤᠮ ᠰᠠᠶᠢᠲᠤᠷ ᠬᠠᠮᠢᠶᠠᠷᠤᠨ᠂ ᠥᠷᠭᠡᠨ ᠣᠯᠠᠨ ᠠᠷᠠᠳ ᠲᠦᠮᠡᠨ ᠳᠤ ᠲᠠᠭᠠᠯᠠᠮᠵᠢᠲᠠᠶ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠨᠥᠬᠦᠴᠡᠯ ᠢ ᠪᠣᠶ ᠪᠣᠯᠭᠠᠵᠤ᠂ ᠠᠷᠠᠳ ᠣᠯᠠᠨ ᠤ ᠣᠯᠠᠨ ᠡᠰᠢᠲᠦ ᠣᠯᠠᠨ ᠶᠠᠩᠵᠤ ᠶᠢᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠪᠠ ᠤᠷᠤᠯᠳᠤᠭᠠᠨ ᠤ ᠠᠵᠢᠯᠯᠠᠭ᠎ᠠ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠶ᠃ ᠨᠠᠰᠤᠲᠠᠶᠢᠴᠤᠳ ᠤᠨ ᠬᠥᠳᠡᠯᠭᠡᠭᠡᠨ ᠤ ᠲᠥᠪ ᠲᠤ᠂ ᠲᠠᠯᠠᠪᠤᠷ ᠣᠷᠳᠣᠨ ᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ︽ᠨᠠᠰᠤᠲᠠᠶᠢᠴᠤᠳ ᠲᠤ ᠪᠦᠷᠢᠨ ᠲᠦᠬᠦᠷ᠂ ᠳᠤᠬᠢᠯᠢᠭ ᠳᠠᠭᠠᠯᠠᠮᠵᠢᠲᠠᠢ᠂ ᠦᠢᠯᠡᠴᠢᠯᠡᠭᠡ ᠬᠠᠩᠭᠠᠬᠤ︾ ᠶᠢ ᠪᠠᠲᠤᠯᠠᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠲᠠᠨ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠤᠨ᠂ ᠢᠮᠠᠭᠲᠠ ᠠᠷᠠᠳ ᠲᠦᠮᠡᠨ ᠤ ᠦᠢᠯᠡᠴᠢᠯᠡᠭᠡ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠪᠤᠳᠤᠵᠤ ᠰᠠᠨᠠᠭᠰᠠᠨ ᠬᠦᠰᠡᠯ ᠢ ᠢᠯᠡᠭᠦᠬᠡᠨ ᠰᠣᠨᠣᠰᠤᠨ᠂ ᠠᠷᠠᠳ ᠤᠯᠠᠨ ᠳᠤ ᠢᠳᠡᠪᠬᠢᠲᠡᠢ ᠪᠠᠷ ᠪᠣᠳᠠᠲᠠᠢ ᠶᠠᠪᠤᠳᠠᠯ ᠬᠢᠵᠦ᠂ ᠦᠵᠡᠰᠬᠦᠯᠡᠩᠲᠦ ᠰᠠᠶᠢᠬᠠᠨ ᠦᠨᠢᠷ ᠪᠠᠶᠠᠯᠢᠭ ᠠᠪᠠᠭ᠎ᠠ ᠶᠢ ᠪᠦᠳᠦᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号