5 ᠰᠠᠷ᠎ᠠ ᠶᠢᠨ 14 ᠤ ᠡᠳᠦᠷ᠂ ︽ᠲᠠᠯ᠎ᠠ ᠨᠣᠳᠤᠭ ᠤᠨ ᠬᠦᠪᠡᠭᠦᠨ︾ ︵ᠲᠦᠷ ᠲᠤᠭᠲᠠᠭᠠᠭᠰᠠᠨ ᠨᠡᠷ᠎ᠡ︶ | ᠺᠢᠨᠤ᠋ ᠵᠦᠴᠦᠭᠡ ᠶᠢᠨ ᠵᠤᠬᠢᠶᠠᠯ ᠤᠨ ᠰᠤᠳᠤᠯᠤᠨ ᠶᠠᠷᠢᠯᠴᠠᠬᠤ ᠬᠤᠷᠠᠯ ᠰᠢᠯᠢ ᠶᠢᠨ ᠬᠤᠲᠠ ᠳᠤ ᠬᠤᠷᠠᠯᠳᠤᠪᠠ᠃ | ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ | ᠵᠤᠤ ᠾᠦᠢ ᠬᠤᠷᠠᠯ ᠳᠤ ᠤᠷᠤᠯᠴᠠᠵᠠᠢ᠃ | ᠰᠣᠳᠤᠯᠤᠨ ᠶᠠᠷᠢᠯᠴᠠᠬᠤ ᠬᠤᠷᠠᠯ ᠲᠡᠭᠡᠷ᠎ᠡ᠂ ᠭᠤᠣᠯᠯᠠᠨ ᠪᠦᠳᠦᠭᠡᠬᠦ ᠪᠦᠯᠬᠦᠮ ᠤᠨ ᠬᠢᠨ ︽ᠲᠠᠯ᠎ᠠ ᠨᠣᠳᠤᠭ ᠤᠨ | ᠬᠦᠪᠡᠭᠦᠨ︾ ︵ᠲᠦᠷ ᠲᠤᠭᠲᠠᠭᠠᠭᠰᠠᠨ ᠨᠡᠷ᠎ᠡ︶ ᠺᠢᠨᠤ᠋ ᠵᠦᠴᠦᠭᠡ ᠶᠢᠨ ᠵᠤᠬᠢᠶᠠᠯ ᠤᠨ ᠦᠨᠳᠦᠰᠦᠨ ᠪᠠᠶᠢᠳᠠᠯ ᠵᠢᠴᠢ | ᠵᠤᠬᠢᠶᠠᠨ ᠪᠦᠳᠦᠭᠡᠭᠰᠡᠨ ᠰᠡᠳᠬᠢᠮᠵᠢ ᠶᠢ ᠲᠠᠨᠢᠯᠴᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠨ᠂ ᠲᠤᠰᠬᠠᠢ ᠮᠡᠷᠭᠡᠵᠢᠯᠲᠡᠨ ᠵᠢᠴᠢ ᠵᠠᠭᠤᠴᠢᠯᠠᠭᠤᠷ ᠤᠨ ᠲᠦᠯᠦᠭᠡᠯᠡᠭᠴᠢ ᠠᠴᠠ ᠺᠢᠨᠤ᠋ ᠵᠦᠴᠦᠭᠡ ᠶᠢᠨ | ᠵᠤᠬᠢᠶᠠᠯ ᠤᠨ ᠭᠤᠣᠯ ᠰᠡᠳᠦᠪ᠂ ᠪᠦᠳᠦᠴᠡ ᠪᠣᠯᠣᠨ ᠬᠦᠮᠦᠨ ᠤ ᠲᠥᠷᠢ ᠪᠦᠳᠦᠭᠡᠬᠦ ᠵᠡᠷᠭᠡ ᠲᠠᠯ᠎ᠠ ᠪᠠᠷ ᠬᠠᠯᠠᠭᠤᠨ ᠢᠶᠠᠷ | ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠴᠠᠢ᠃ | ︽ᠲᠠᠯ᠎ᠠ ᠨᠣᠳᠤᠭ ᠤᠨ ᠬᠦᠪᠡᠭᠦᠨ︾ ︵ᠲᠦᠷ ᠲᠤᠭᠲᠠᠭᠠᠭᠰᠠᠨ ᠨᠡᠷ᠎ᠡ︶ ᠺᠢᠨᠤ᠋ ᠨᠢ ︽ᠲᠤᠯᠤᠭᠠᠨ ᠰᠠᠷ᠎ᠠ ᠶᠢᠨ | ᠨᠢᠭᠡᠨ ᠤ ᠭᠠᠪᠢᠶᠠᠨ ᠲᠡᠮᠳᠡᠭ︾ ᠬᠦᠷᠲᠡᠭᠴᠢ ᠠᠪᠠᠭ᠎ᠠ ᠬᠤᠰᠢᠭᠤᠨ ᠤ ᠬᠤᠩᠭᠤᠷᠭᠤᠣᠯ ᠪᠠᠯᠭᠠᠰᠣᠨ ᠤ | ᠰᠠᠷᠠᠭᠤᠯᠳᠤᠶᠠᠭ᠎ᠠ ᠭᠠᠴᠠᠭᠠᠨ ᠤ ᠣᠣᠯ ᠤᠨ ᠨᠠᠮ ᠤᠨ ᠡᠭᠦᠷ ᠤᠨ ᠱᠦᠵᠢ ᠲᠢᠩ · ᠪᠠᠭᠠᠳᠤᠷ ᠤᠨ ᠦᠯᠢᠭᠡᠷ ᠦᠢᠯᠡ | ᠶᠠᠪᠤᠳᠠᠯ ᠢᠶᠠᠷ ᠰᠡᠳᠦᠪᠯᠡᠭᠰᠡᠨ ᠺᠢᠨᠤ᠋ ᠶᠢᠨ ᠪᠦᠳᠦᠭᠡᠯ ᠪᠣᠯᠣᠨ᠎ᠠ᠃ ᠲᠤᠰ ᠺᠢᠨᠤ᠋ ᠳᠤ ᠲᠢᠩ · ᠪᠠᠭᠠᠳᠤᠷ ᠤᠨ ᠮᠠᠯᠵᠢᠬᠤ | ᠤᠷᠤᠨ ᠳᠤ ᠨᠣᠳᠣᠭᠰᠢᠭᠰᠠᠨ 50 ᠵᠢᠯ ᠤᠨ ᠳᠤᠷᠰᠢᠬᠢ ᠮᠠᠯᠴᠢᠳ ᠢ ᠳᠠᠭᠠᠭᠤᠯᠤᠨ ᠠᠮᠢ ᠠᠬᠤᠢ ᠶᠢᠨ ᠤᠷᠴᠢᠨ | ᠲᠤᠭᠤᠷᠢᠨ ᠢ ᠬᠠᠮᠠᠭᠠᠯᠠᠭᠰᠠᠨ᠂ ᠮᠠᠯᠵᠢᠬᠤ ᠤᠷᠤᠨ ᠤ ᠠᠵᠤ ᠠᠬᠤᠢ ᠶᠢ ᠬᠦᠭᠵᠢᠭᠦᠯᠦᠭᠰᠡᠨ᠂ ᠮᠠᠯᠴᠢᠳ ᠤᠨ | ᠤᠷᠤᠯᠭ᠎ᠠ ᠶᠢ ᠨᠡᠮᠡᠭᠳᠡᠭᠦᠯᠦᠭᠰᠡᠨ ᠠᠮᠢ ᠠᠬᠤᠢ ᠶᠢᠨ ᠦᠷᠭᠦᠯᠵᠢᠯᠡᠬᠦᠶᠢᠴᠡ ᠬᠦᠭᠵᠢᠯᠲᠡ ᠶᠢᠨ ᠰᠢᠨ᠎ᠡ ᠵᠠᠮ ᠢ | ᠡᠷᠢᠯᠬᠢᠯᠡᠭᠰᠡᠨ ᠲᠡᠷᠢᠭᠦᠨ ᠤ ᠦᠢᠯᠡ ᠠᠵᠢᠯᠯᠠᠭ᠎ᠠ ᠶᠢ ᠣᠳᠬ᠎ᠠ ᠤᠷᠠᠯᠢᠭ ᠤᠨ ᠬᠡᠯᠪᠡᠷᠢ ᠪᠠᠷ ᠳᠡᠯᠭᠡᠨ ᠦᠵᠡᠭᠦᠯᠬᠦ | ᠪᠣᠯᠣᠨ᠎ᠠ᠃ | ᠲᠢᠩ · ᠪᠠᠭᠠᠳᠤᠷ ᠤᠨ ᠦᠢᠯᠡ ᠠᠵᠢᠯᠯᠠᠭ᠎ᠠ ᠪᠠᠷ ᠰᠡᠳᠦᠪᠯᠡᠭᠰᠡᠨ ᠺᠢᠨᠤ᠋ ᠲᠧᠯᠸᠢᠰ ᠤᠨ ᠪᠦᠳᠦᠭᠡᠯ ᠢ | ᠵᠤᠬᠢᠶᠠᠨ ᠪᠦᠳᠦᠭᠡᠬᠦ ᠪᠣᠯ ᠰᠢᠯᠢ ᠶᠢᠨ ᠭᠤᠣᠯ ᠠᠶᠢᠮᠠᠭ ᠤᠨ ᠶᠡᠷᠦᠩᠬᠡᠢ ᠱᠦᠵᠢ ᠰᠢ ᠶᠢᠨ ᠫᠢᠩ ᠤᠨ ᠰᠤᠶᠤᠯ ᠤᠨ | ᠦᠵᠡᠯ ᠰᠠᠨᠠᠭ᠎ᠠ᠂ ᠰᠤᠶᠤᠯ ᠢ ᠣᠯᠠᠮᠵᠢᠯᠠᠨ ᠬᠦᠭᠵᠢᠭᠦᠯᠬᠦ ᠶᠠᠷᠢᠯᠴᠠᠬᠤ ᠬᠤᠷᠠᠯ ᠲᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ ᠤ ᠭᠠᠪᠢᠶᠠᠨ | ᠲᠡᠮᠳᠡᠭ︾ ᠣᠯᠭᠤᠬᠤ ᠶᠤᠰᠤᠯᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠤᠳᠠᠳᠤ ᠠᠵᠢᠯᠯᠠᠭ᠎ᠠ ᠪᠣᠯᠣᠨ᠎ᠠ᠃ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ | ᠣᠯᠠᠨ ᠲᠦᠮᠡᠨ ᠤ ᠮᠤᠩᠭᠤᠯ ᠮᠤᠷᠢᠨ ᠤ ᠵᠣᠷᠢᠭ ᠰᠠᠨᠠᠭ᠎ᠠ ᠪᠠ ︽ᠣᠮᠠᠷᠠᠲᠤ ᠶᠢᠨ ᠭᠤᠷᠪᠠᠨ ᠤᠷᠤᠨ ᠤ ᠵᠣᠷᠢᠭ | ᠰᠠᠨᠠᠭ᠎ᠠ︾ ᠶᠢ ᠪᠠᠳᠠᠷᠠᠭᠤᠯᠬᠤ ᠶᠢ ᠤᠷᠮᠠᠰᠢᠭᠤᠯᠬᠤ ᠴᠢᠬᠤᠯᠠ ᠠᠴᠢ ᠬᠤᠯᠪᠤᠭᠳᠠᠯ ᠲᠠᠢ ᠶᠤᠮ᠃ | |