ᠤᠶᠢᠷ᠎ᠠ ᠳᠤ᠂ ᠬᠤᠪᠢ ᠶᠢᠨ ᠦᠢᠯᠡᠳᠪᠤᠷᠢ ᠬᠤᠳᠠᠯᠳᠤᠭ᠎ᠠ ᠡᠵᠡᠩᠨᠡᠵᠦ ᠪᠠᠶᠢᠭ᠎ᠠ ᠸᠠᠩ ᠶᠦᠨ ᠰᠢᠶᠠ | ︽ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾ ᠡᠷᠡᠮᠡᠯᠵᠡᠯᠡᠨ ᠤᠯᠵᠤ᠂ | ᠲᠡᠯᠭᠡᠭᠦᠷ ᠢᠶᠠᠨ ᠳᠠᠬᠢᠵᠤ ᠵᠠᠰᠠᠬᠤ ᠪᠡᠯᠡ ᠮᠦᠩᠭᠦᠨ ᠤ ᠬᠦᠴᠢᠷᠲᠡᠯ ᠢᠶᠠᠨ ᠰᠢᠢᠳᠪᠤᠷᠢᠯᠡᠭᠰᠡᠨ ᠪᠠᠶᠢᠨ᠎ᠠ᠃ ᠡᠨᠡᠬᠦ | ᠢᠲᠡᠭᠡᠮᠵᠢᠲᠦ ᠵᠢᠭᠡᠯᠡᠯᠭᠡ ᠨᠢ ᠢᠲᠡᠭᠡᠮᠵᠢ ᠶᠢᠨ ᠦᠨᠡᠯᠡᠯᠲᠡ ᠪᠠᠷ ᠰᠠᠭᠤᠷᠢ ᠪᠠᠷᠢᠮᠵᠢᠶ᠎ᠠ ᠪᠣᠯᠭᠠᠵᠤ᠂ ᠬᠤᠪᠢ ᠶᠢᠨ | ᠦᠢᠯᠡᠳᠪᠤᠷᠢ ᠬᠤᠳᠠᠯᠳᠤᠭᠠᠨ ᠤ ᠡᠷᠦᠬᠡ ᠳᠤ ᠪᠡᠯᠡ ᠳᠤᠬᠢᠷᠠᠭᠤᠯᠬᠤ ᠲᠦᠭᠦᠮ ᠲᠦᠲᠡ ᠠᠷᠭ᠎ᠠ ᠵᠠᠮ ᠬᠠᠩᠭᠠᠵᠤ᠂ | ᠦᠨᠡᠨᠴᠢ ᠢᠲᠡᠭᠡᠮᠵᠢ ᠶᠢᠨ ᠦᠨ᠎ᠡ ᠥᠷᠲᠡᠭ ᠢ ᠬᠠᠷᠠᠭᠤᠯᠵᠠᠢ᠃ | ᠣᠶᠢᠯᠠᠭᠠᠭᠰᠠᠨ ᠢᠶᠠᠷ᠂ ︽ᠦᠪᠤᠷ ᠮᠤᠩᠭᠤᠯ ᠳᠠᠬᠢ ᠬᠤᠪᠢ ᠶᠢᠨ ᠦᠢᠯᠡᠳᠪᠤᠷᠢ ᠬᠤᠳᠠᠯᠳᠤᠭᠠᠨ ᠤ | ᠡᠷᠦᠬᠡ ᠶᠢᠨ ᠢᠲᠡᠭᠡᠮᠵᠢᠲᠦ ᠵᠢᠭᠡᠯᠡᠯᠭᠡ︾ ᠶᠢ ᠦᠪᠡᠷᠲᠡᠭᠡᠨ ᠵᠠᠰᠠᠬᠤ ᠤᠷᠤᠨ ᠤ ᠵᠠᠬ᠎ᠠ ᠲᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ᠂ ᠦᠪᠡᠷᠲᠡᠭᠡᠨ ᠵᠠᠰᠠᠬᠤ ᠤᠷᠤᠨ ᠤ ᠲᠤᠮᠤ ᠳ᠋ᠠᠶᠢᠲ᠋ᠠ ᠶᠢᠨ ᠲᠥᠪ᠂ ᠦᠪᠤᠷ | ᠮᠣᠩᠭᠤᠯ ᠤᠨ ᠬᠦᠳᠡᠭᠡ ᠳᠤᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠬᠠᠮᠳᠤᠷᠠᠨ ᠭᠠᠷᠭᠠᠵᠤ᠂ | ︽ᠢᠲᠡᠭᠡᠮᠵᠢ ᠳᠤ ᠲᠦᠰᠢᠭᠯᠡᠬᠦ᠂ ᠪᠠᠷᠢᠴᠠᠭ᠎ᠠ ᠦᠭᠡᠢ᠂ ᠪᠠᠲᠤᠯᠠᠨ ᠳᠠᠭᠠᠭᠠᠯᠲᠠ ᠦᠭᠡᠢ᠂ ᠰᠦᠯᠵᠢᠶᠡᠨ ᠲᠡᠭᠡᠷ᠎ᠡ | ᠭᠦᠢᠴᠡᠳᠭᠡᠬᠦ︾ ᠠᠷᠭ᠎ᠠ ᠮᠠᠶ᠋ᠢᠭ ᠢᠶᠠᠷ ᠬᠤᠪᠢ ᠶᠢᠨ ᠠᠵᠤ ᠦᠢᠯᠡᠳᠪᠤᠷᠢ ᠬᠤᠳᠠᠯᠳᠤᠭᠠᠨ ᠤ ᠡᠷᠦᠬᠡ ᠳᠤ ᠬᠠᠮᠤᠭ | ᠠᠷᠪᠢᠨ ᠳᠤ ᠪᠠᠨ 500 ᠲᠦᠮᠡᠨ ᠲᠦᠭᠦᠷᠢᠭ ᠤᠨ ᠢᠲᠡᠭᠡᠮᠵᠢᠲᠦ ᠵᠢᠭᠡᠯᠡᠯᠭᠡ ᠬᠠᠩᠭᠠᠵᠤ᠂ ᠬᠠᠮᠤᠭ ᠤᠨ ᠲᠤᠤᠷ᠎ᠠ | ᠬᠦᠦ ᠮᠦᠩᠭᠦ ᠨᠢ 3.45% ᠯᠡ ᠪᠠᠶᠢᠳᠠᠭ᠃ | ︽︿ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ﹀ ᠶᠢ | ᠬᠡᠷᠡᠭᠵᠢᠭᠦᠯᠦᠭᠰᠡᠨ ᠠᠴᠠ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠪᠡᠯᠡ ᠳᠤᠬᠢᠷᠠᠭᠤᠯᠬᠤ ᠳᠤ | ᠬᠦᠴᠢᠷᠲᠡᠢ᠂ ᠪᠡᠯᠡ ᠳᠤᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠨᠠᠮᠳᠠᠭᠤᠯᠤᠭᠰᠠᠨ ᠢᠶᠠᠷ ᠪᠠᠷᠠᠬᠤ ᠦᠭᠡᠢ | ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ᠂ | ᠦᠨᠡᠨᠴᠢ ᠢᠲᠡᠭᠡᠮᠵᠢᠲᠡᠢ ᠡᠵᠡᠩᠨᠡᠯᠲᠡ ᠶᠢ ᠬᠦᠳᠦᠯᠦᠨ ᠵᠢᠯᠤᠭᠤᠳᠴᠦ ᠪᠠᠶᠢᠨ᠎ᠠ᠃ ᠬᠤᠶᠢᠰᠢᠳᠠ᠂ ᠪᠠᠩᠭᠢ ᠠᠴᠠ | ᠦᠨᠡᠨᠴᠢ ᠢᠲᠡᠭᠡᠮᠵᠢ ᠶᠢᠨ ᠰᠤᠶᠤᠯ ᠤᠨ ᠪᠠᠶᠢᠭᠤᠯᠤᠯᠲᠠ ᠶᠢ ᠦᠷᠭᠦᠯᠵᠢᠯᠡᠨ ᠦᠷᠨᠢᠭᠦᠯᠵᠦ᠂ ᠬᠡᠷᠡᠭᠯᠡᠭᠴᠢᠳ ᠤᠨ | ᠬᠤᠪᠢ ᠬᠦᠮᠦᠨ ᠤ ᠮᠦᠩᠭᠦᠨ ᠭᠦᠢᠯᠭᠡᠭᠡᠨ ᠤ ᠬᠡᠷᠡᠭᠯᠡᠯᠲᠡ ᠶᠢᠨ ᠲᠤᠭᠲᠠᠭᠠᠯ ᠳᠤ ᠨᠡᠶᠢᠴᠡᠬᠦ ᠴᠢᠨᠠᠷ᠂ ᠲᠦᠭᠦᠮ ᠲᠥᠳᠡ | ᠴᠢᠨᠠᠷ ᠤᠨ ᠲᠤᠬᠠᠢ ᠣᠶᠢᠯᠠᠭᠠᠯᠲᠠ ᠶᠢ ᠳᠡᠭᠡᠭᠰᠢᠯᠡᠭᠦᠯᠵᠦ᠂ ᠵᠠᠬ᠎ᠠ ᠲᠡᠯᠭᠡᠬᠦᠷ ᠤᠨ ᠰᠠᠶᠢᠨ ᠰᠠᠶᠢᠬᠠᠨ ᠠᠭᠤᠷ | ᠠᠮᠢᠰᠬᠤᠯ ᠢ ᠪᠣᠢ ᠪᠣᠯᠭᠠᠨ᠎ᠠ︾ ᠭᠡᠵᠦ ᠬᠤᠰᠢᠭᠤ ᠬᠦᠳᠡᠭᠡ ᠳᠤᠰᠬᠤᠨ ᠤ ᠬᠤᠳᠠᠯᠳᠤᠭᠠᠨ ᠤ ᠪᠠᠩᠭᠢ ᠶᠢᠨ | ᠲᠤᠬᠠᠶᠢᠯᠠᠭᠰᠠᠨ ᠠᠵᠢᠯ ᠤᠨ ᠬᠦᠭᠵᠢᠭᠦᠯᠦᠯᠲᠡ ᠶᠢᠨ ᠬᠡᠯᠲᠡᠰ ᠤᠨ ᠳᠠᠭᠠᠭᠠᠮᠠᠯ ᠵᠠᠩ ᠱᠤᠸᠠᠩ ᠶᠥᠩ ᠶᠠᠷᠢᠨ᠎ᠠ᠃ | ︽ᠨᠢᠭᠡ ᠣᠳᠠᠭ᠎ᠠ ᠬᠦᠳᠡᠭᠡ ᠳᠤᠰᠬᠤᠨ ᠤ ᠬᠤᠳᠠᠯᠳᠤᠭᠠᠨ ᠤ ᠪᠠᠩᠭᠢ ᠳᠤ ᠠᠵᠢᠯ ᠭᠦᠢᠴᠡᠳᠭᠡᠬᠦ ᠪᠠᠷ | ᠣᠴᠢᠭᠠᠳ ︿ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ﹀ ᠪᠠᠶᠢᠬᠤ ᠶᠢ | ᠠᠵᠢᠯᠲᠠᠳ ᠤᠨ ᠲᠠᠨᠢᠯᠴᠠᠭᠤᠯᠭ᠎ᠠ ᠪᠠᠷ ᠣᠶᠢᠯᠭᠠᠵᠤ ᠮᠡᠳᠡᠭᠰᠡᠨ ᠶᠤᠮ᠃ ᠲᠡᠭᠡᠭᠡᠳ ᠳᠤᠷᠰᠢᠬᠤ ᠰᠠᠨᠠᠭ᠎ᠠ ᠲᠠᠢ | ᠵᠢᠭᠡᠯᠡᠯᠭᠡ ᠡᠷᠡᠮᠡᠯᠵᠡᠯᠡᠵᠦ ᠦᠵᠡᠪᠡ᠂ ᠲᠡᠭᠡᠭᠰᠡᠨ ᠴᠢᠨᠢ ᠮᠢᠨᠤ ᠣᠯᠠᠨ ᠵᠢᠯ ᠤᠨ ᠳᠤᠷᠰᠢᠬᠢ ᠦᠨᠡᠨᠴᠢ ᠢᠲᠡᠭᠡᠮᠵᠢᠲᠡᠢ | ᠡᠵᠡᠩᠨᠡᠯᠲᠡ ᠬᠢᠭᠰᠡᠨ ᠤ ᠬᠠᠷᠢᠭᠤ ᠳᠤ ᠮᠠᠨᠢ ᠢᠲᠡᠭᠡᠮᠵᠢ ᠶᠢᠨ ᠦᠨᠡᠯᠡᠯᠲᠡ ᠮᠠᠰᠢ ᠦᠨᠳᠦᠷ ᠪᠠᠶᠢᠵᠤ᠂ ᠢᠯᠭᠤᠮ | ᠤᠷᠤᠭᠰᠢᠲᠠᠢ ᠪᠠᠷ ᠵᠢᠭᠡᠯᠡᠯᠭᠡ ᠤᠯᠵᠤ᠂ ᠪᠡᠯᠡ ᠮᠦᠩᠭᠦᠨ ᠤ ᠬᠦᠴᠢᠷᠲᠡᠯ ᠢᠶᠠᠨ ᠰᠢᠢᠳᠪᠤᠷᠢᠯᠡᠵᠦ ᠴᠢᠳᠠᠭᠰᠠᠨ ᠰᠢᠦ︾ | ᠭᠡᠵᠦ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠡᠵᠡᠨᠲᠡᠨ ᠰᠢᠩ ᠸᠧᠢ ᠳ᠋ᠦᠩ ᠶᠠᠷᠢᠨ᠎ᠠ᠃ | ᠣᠶᠢᠯᠠᠭᠠᠭᠰᠠᠨ ᠢᠶᠠᠷ᠂ ᠡᠨᠡᠬᠦ ᠢᠲᠡᠭᠡᠮᠵᠢᠲᠦ ᠵᠢᠭᠡᠯᠡᠯᠭᠡ ᠨᠢ ᠵᠠᠬ᠎ᠠ ᠲᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶᠠᠨ ᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠠᠷᠭ᠎ᠠ ᠵᠠᠮ ᠢᠶᠠᠷ ᠳᠠᠮᠵᠢᠨ ᠵᠢᠭᠡᠯᠡᠯᠭᠡ | ᠡᠷᠡᠮᠡᠯᠵᠡᠯᠡᠵᠦ ᠪᠠᠶᠢᠳᠠᠭ᠂ ᠲᠤᠮᠤ ᠳ᠋ᠠᠶᠢᠲ᠋ᠠ ᠶᠢᠨ ᠬᠦᠮᠦᠷᠭᠡ ᠳᠠᠬᠢ 79 ᠲᠤᠭ᠎ᠠ ᠪᠠᠷᠢᠮᠲᠠ ᠶᠢᠨ ᠢᠷᠡᠯᠲᠡ ᠲᠠᠢ | ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ 1.7 ᠳ᠋ᠦᠩᠰᠢᠭᠤᠷ ᠵᠤᠷᠪᠣᠰ ᠢᠲᠡᠭᠡᠮᠵᠢ ᠶᠢᠨ ᠲᠤᠭ᠎ᠠ | ᠪᠠᠷᠢᠮᠲᠠ ᠶᠢ ᠦᠨᠳᠦᠰᠦᠯᠡᠨ᠂ ᠬᠤᠳᠠᠯᠳᠤᠭᠠᠨ ᠤ ᠡᠷᠦᠬᠡ ᠳᠤ ᠨᠠᠷᠢᠯᠢᠭ ᠤᠨᠤᠴᠠᠲᠠᠢ ᠪᠠᠷ ᠢᠲᠡᠭᠡᠮᠵᠢ ᠶᠢᠨ ᠬᠤᠪᠢ | ᠲᠤᠭᠲᠠᠭᠠᠵᠤ᠂ ᠦᠪᠤᠷ ᠮᠤᠩᠭᠤᠯ ᠤᠨ ᠬᠦᠳᠡᠭᠡ ᠳᠤᠰᠬᠤᠨ ᠤ ᠢᠲᠡᠭᠡᠮᠵᠢ ᠶᠢᠨ ᠬᠤᠯᠪᠤᠭᠠᠲᠤ ᠬᠤᠷᠰᠢᠶ᠎ᠠ ᠨᠢ | ᠢᠲᠡᠭᠡᠮᠵᠢ ᠣᠯᠭᠤᠬᠤ ᠪᠠ ᠵᠢᠭᠡᠯᠡᠯᠭᠡ ᠶᠢᠨ ᠲᠤᠭ᠎ᠠ ᠬᠡᠮᠵᠢᠶᠡᠨ ᠤ ᠬᠤᠭᠤᠴᠠᠭ᠎ᠠ ᠬᠢᠵᠠᠭᠠᠷ ᠲᠤᠳᠤᠷ᠎ᠠ ᠵᠢᠭᠡᠯᠡᠯᠭᠡ | ᠲᠡᠯᠪᠢᠨ᠎ᠠ᠃ ᠬᠠᠮᠤᠭ ᠤᠨ ᠬᠤᠷᠳᠤᠨ ᠳᠠᠭᠠᠨ 30 ᠮᠢᠨᠤᠲ ᠤᠨ ᠲᠤᠳᠤᠷ᠎ᠠ ᠬᠢᠨᠠᠨ ᠵᠦᠪᠰᠢᠶᠡᠷᠡᠯ ᠢ ᠦᠩᠭᠡᠷᠡᠭᠡᠵᠦ | ᠴᠢᠳᠠᠳᠠᠭ᠂ ᠡᠨᠡ ᠨᠢ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠳᠤ ᠬᠦᠴᠦᠲᠡᠢ | ᠲᠡᠮᠵᠢᠯᠭᠡ ᠪᠣᠯᠣᠭᠰᠠᠨ ᠪᠠᠶᠢᠨ᠎ᠠ᠃ ᠣᠳᠣᠬᠠᠨ ᠪᠣᠯᠲᠠᠯ᠎ᠠ᠂ ᠪᠦᠬᠦ ᠬᠤᠰᠢᠭᠤᠨ ᠤ 18 ᠡᠷᠦᠬᠡ ᠳᠤ 1404 ᠲᠦᠮᠡᠨ | ᠲᠦᠭᠦᠷᠢᠭ ᠤᠨ ᠵᠢᠭᠡᠯᠡᠯᠭᠡ ᠲᠠᠯᠪᠢᠭᠰᠠᠨ ᠪᠠᠶᠢᠨ᠎ᠠ᠃ | ︽ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ︾ ᠶᠢ ᠠᠮᠵᠢᠯᠲᠠᠲᠠᠢ | ᠬᠡᠷᠡᠭᠵᠢᠭᠦᠯᠦᠭᠰᠡᠨ ᠨᠢ ᠦᠷᠭᠡᠨ ᠤᠯᠠᠨ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠪᠡᠯᠡ | ᠮᠦᠩᠭᠦᠨ ᠤ ᠡᠷᠬᠢᠯᠲᠡ ᠶᠢ ᠲᠦᠷᠭᠡᠳᠬᠡᠵᠦ᠂ ᠠᠵᠢᠯ ᠲᠦᠷᠦᠯ ᠤᠨ ᠦᠨᠡᠨᠴᠢ ᠢᠲᠡᠭᠡᠮᠵᠢ ᠶᠢᠨ ᠰᠤᠶᠤᠯ ᠤᠨ | ᠪᠠᠶᠢᠭᠤᠯᠤᠯᠲᠠ ᠶᠢ ᠣᠯᠠᠮ ᠨᠢᠭᠡ ᠠᠯᠬᠤᠮ ᠲᠥᠯᠬᠢᠨ ᠠᠬᠢᠭᠤᠯᠵᠤ᠂ ᠠᠮᠤᠷ ᠲᠤᠭᠲᠠᠭᠤᠨ ᠮᠦᠩᠭᠦᠨ ᠭᠦᠢᠯᠭᠡᠭᠡᠨ ᠤ | ᠤᠷᠴᠢᠨ ᠲᠤᠭᠤᠷᠢᠨ ᠢ ᠪᠣᠢ ᠪᠣᠯᠭᠠᠬᠤ ᠳᠤ ᠲᠦᠯᠬᠢᠴᠡ ᠬᠦᠴᠦᠨ ᠪᠣᠯᠵᠤ ᠪᠠᠶᠢᠨ᠎ᠠ᠃ |