ᠰᠦᠨ ᠵᠢᠶᠦ᠋ᠨ ᠪᠡᠭᠡᠵᠢᠩ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠠᠮᠳᠤᠷᠠᠯᠴᠠᠭ᠎ᠠ ᠶᠢᠨ ᠬᠡᠯᠡᠯᠴᠡᠭᠡᠷ ᠤᠨ ᠲᠤᠬᠠᠢ ᠵᠥᠪᠳᠡᠯᠴᠡᠪᠡ
ᠨᠡᠶᠢᠲᠡᠯᠡᠭᠰᠡᠨ ᠴᠠᠭ᠄
2024/5/22
     5 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠵᠢᠩ ᠨᠧᠩ ᠴᠠᠭᠠᠨᠨᠠᠭᠤᠷ ᠤᠨ ᠨᠢᠭᠡᠳᠦᠭᠡᠷ ᠬᠤᠳᠳᠤᠭ᠂ ᠵᠢᠩ ᠨᠧᠩ ᠴᠠᠭᠠᠨᠨᠠᠭᠤᠷ ᠤᠨ ᠴᠠᠬᠢᠯᠭᠠᠨ ᠦᠢᠯᠡᠳᠪᠦᠷᠢ ᠶᠢᠨ ᠨᠡᠭᠦᠷᠡᠰᠦ ᠲᠡᠭᠡᠭᠡᠪᠦᠷᠢᠯᠡᠬᠦ ᠱᠤᠭᠤᠮ ᠵᠢᠴᠢ ᠨᠡᠭᠦᠷᠡᠰᠦᠨ ᠠᠭᠤᠷᠬᠠᠢ ᠶᠢᠨ ᠠᠰᠢᠭᠯᠠᠯᠲᠠ ᠳᠤ ᠤᠷᠤᠭᠰᠠᠨ ᠤ ᠳᠠᠷᠠᠭ᠎ᠠ ᠭᠠᠳᠠᠭᠰᠢ ᠨᠡᠭᠦᠷᠡᠰᠦ ᠲᠡᠭᠡᠭᠡᠪᠦᠷᠢᠯᠡᠬᠦ ᠬᠠᠮᠢᠶ᠎ᠠ ᠪᠦᠬᠦᠢ ᠬᠤᠯᠪᠤᠭᠳᠠᠬᠤ ᠵᠦᠢᠯᠡᠰ ᠤᠨ ᠲᠤᠬᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠰᠢᠨ᠎ᠡ ᠪᠠᠷ ᠪᠠᠶᠢᠭᠤᠯᠤᠭᠰᠠᠨ ᠲᠡᠭᠡᠭᠡᠪᠦᠷᠢ ᠶᠢᠨ ᠱᠤᠭᠤᠮ ᠵᠡᠷᠭᠡ ᠤᠴᠢᠷ ᠶᠠᠪᠤᠳᠠᠯ ᠳᠤ ᠴᠢᠭᠯᠡᠭᠦᠯᠦᠨ ᠲᠦᠯᠦᠪᠵᠢᠭᠦᠯᠭᠡ ᠲᠤᠭᠲᠠᠪᠠ᠃      ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠷᠧᠨ ᠬᠤᠤ᠂ ᠬᠤᠶᠢᠰᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠵᠢᠶᠠᠨ ᠵᠢᠶᠦ᠋ᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠳ ᠤᠷᠤᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号