5 ᠰᠠᠷ᠎ᠠ ᠶᠢᠨ 16 ᠤ ᠡᠳᠦᠷ᠂ ᠠᠪᠠᠭ᠎ᠠ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ | ᠠᠪᠠᠭ᠎ᠠ ᠬᠤᠰᠢᠭᠤᠨ ᠤ ᠣᠨᠴᠠᠯᠢᠭᠲᠤ ᠴᠠᠭᠠᠨ ᠢᠳᠡᠭᠡᠨ ᠤ ᠲᠤᠰᠬᠠᠶ ᠡᠵᠡᠩᠨᠡᠯᠲᠡ ᠶᠢᠨ ᠳᠡᠯᠭᠡᠭᠦᠷ ᠤᠨ ᠭᠤᠷᠪᠠᠳᠤᠭᠠᠷ | ᠳᠠᠪᠬᠤᠷᠯᠢᠭ ᠤᠨ ᠰᠦ ᠶᠢᠨ ᠦᠢᠯᠡᠰ ᠤᠨ ᠨᠡᠶᠢᠭᠡᠮᠯᠢᠭ ᠤᠨ ᠪᠣᠯᠪᠠᠰᠤᠷᠠᠯ ᠤᠨ ᠰᠠᠭᠤᠷᠢᠨ ᠭᠠᠵᠠᠷ ᠲᠤ ︽ᠠᠪᠠᠭ᠎ᠠ | ᠬᠤᠰᠢᠭᠤᠨ ᠤ 2024 ᠣᠨ ᠤ ᠰᠦ ᠶᠢᠨ ᠦᠢᠯᠡᠰ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠪᠢᠰᠢᠯᠠᠭ | ᠦᠢᠯᠡᠳᠬᠦ ᠪᠣᠯᠪᠠᠰᠤᠷᠠᠯ ᠤᠨ ᠠᠩᠭᠢ︾ ᠶᠢ ᠵᠣᠬᠢᠶᠠᠨ ᠪᠠᠶᠢᠭᠤᠯᠵᠤ᠂ ᠴᠠᠭᠠᠨᠨᠠᠭᠤᠷ ᠪᠠᠯᠭᠠᠰᠤ᠂ ᠬᠤᠩᠭᠤᠷᠭᠤᠤᠯ | ᠪᠠᠯᠭᠠᠰᠤ᠂ ᠪᠠᠶᠠᠨᠲᠤᠭ ᠰᠤᠮᠤ᠂ ᠵᠢᠷᠭᠠᠯᠠᠩᠲᠤ ᠰᠤᠮᠤ᠂ ᠶᠡᠬᠡᠭᠤᠤᠯ ᠰᠤᠮᠤ ᠵᠡᠷᠭᠡ 6 ᠰᠤᠮᠤ ᠪᠠᠯᠭᠠᠰᠤᠨ ᠤ 15 | ᠰᠦ ᠶᠢᠨ ᠦᠢᠯᠡᠰ ᠤᠨ ᠨᠡᠶᠢᠭᠡᠮᠯᠢᠭ ᠤᠨ ᠭᠡᠰᠢᠭᠦᠨ ᠪᠠ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠠᠤᠯᠢ ᠶᠢᠨ | ᠡᠷᠬᠡᠲᠡᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃ | ᠲᠣᠰ ᠤᠳᠠᠭᠠᠨ ᠤ ᠪᠣᠯᠪᠠᠰᠣᠷᠠᠯ ᠳᠤ᠂ ︽ᠪᠥᠬᠦ ᠤᠯᠤᠰ ᠤᠨ ᠰᠢᠯᠢ ᠶᠢᠨ ᠭᠤᠤᠯ ᠴᠠᠭᠠᠨ ᠢᠳᠡᠭᠡᠨ ᠤ | ᠲᠡᠷᠢᠭᠦᠨ ᠤ ᠲᠤᠰᠬᠠᠶ ᠮᠡᠷᠭᠡᠵᠢᠯᠲᠡᠨ︾ ᠤᠯᠠᠭᠠᠴᠡᠴᠡᠭ ᠫᠷᠤᠹᠧᠰᠰᠤᠷ ᠢ ᠲᠤᠬᠠᠶ ᠶᠢᠨ ᠲᠠᠯᠠᠪᠠᠶ ᠳᠤ ᠣᠷᠢᠵᠤ | ᠰᠢᠯᠢ ᠶᠢᠨ ᠭᠤᠣᠯ ᠤᠨ ᠴᠠᠭᠠᠨ ᠢᠳᠡᠭᠡ᠂ ᠰᠢᠨ᠎ᠡ ᠮᠠᠶ᠋ᠢᠭ ᠤᠨ ᠪᠢᠰᠢᠯᠠᠭ᠂ ᠣᠷᠳᠤᠨ ᠤ ᠲᠦᠳᠡ ᠴᠠᠭᠠᠨ ᠢᠳᠡᠭᠡ | ᠵᠢᠴᠢ ᠰᠦᠨ ᠤᠮᠳᠠᠭᠠᠨ ᠵᠡᠷᠭᠡ ᠳᠥᠷᠪᠡᠨ ᠵᠦᠢᠯ ᠤᠨ ᠦᠢᠯᠡᠳᠭᠦᠨ ᠤ ᠤᠷ᠎ᠠ ᠮᠡᠷᠭᠡᠵᠢᠯ ᠤᠨ ᠪᠣᠯᠪᠠᠰᠤᠷᠠᠯ ᠤᠨ ᠵᠢᠭᠠᠨ | ᠰᠤᠷᠭᠠᠯᠲᠠ ᠬᠢᠯᠭᠡᠵᠦ᠂ ᠨᠡᠶᠢᠭᠡᠮᠯᠢᠭ ᠤᠨ ᠭᠡᠰᠢᠭᠦᠨ ᠡᠷᠦᠬᠡ ᠶᠢᠨ ᠪᠦᠳᠦᠭᠡᠭᠳᠡᠭᠦᠨ ᠤ ᠦᠢᠯᠡᠳᠪᠤᠷᠢᠯᠡᠯ ᠤᠨ ᠶᠠᠰᠤ | ᠴᠢᠨᠠᠷ ᠢ ᠳᠡᠭᠡᠭᠰᠢᠯᠡᠭᠦᠯᠦᠨ᠂ ᠰᠢᠨ᠎ᠡ ᠪᠦᠳᠦᠭᠡᠭᠳᠡᠭᠦᠨ ᠢ ᠨᠡᠭᠡᠭᠡᠨ ᠦᠢᠯᠡᠳᠬᠦ ᠰᠡᠳᠬᠢᠮᠵᠢ ᠶᠢ ᠥᠷᠭᠡᠳᠬᠡᠵᠦ᠂ ᠵᠠᠬ᠎ᠠ | ᠳᠡᠯᠭᠡᠭᠦᠷ ᠤᠨ ᠥᠷᠢᠰᠥᠯᠳᠦᠭᠡᠨ ᠤ ᠣᠷᠴᠢᠨ ᠲᠣᠭᠤᠷᠢᠨ ᠳᠤ ᠵᠣᠬᠢᠴᠠᠭᠤᠯᠤᠨ᠂ ᠣᠷᠣᠯᠭ᠎ᠠ ᠶᠢ ᠨᠡᠮᠡᠭᠳᠡᠭᠦᠯᠬᠦ ᠳᠤ | ᠵᠣᠬᠢᠬᠤ ᠵᠣᠷᠢᠭᠵᠢᠭᠤᠯᠤᠯ ᠪᠠ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ | ︽ᠠᠪᠠᠭ᠎ᠠ ᠬᠤᠰᠢᠭᠤᠨ ᠤ ᠤᠨᠴᠠᠯᠢᠭᠲᠤ ᠴᠠᠭᠠᠨ ᠢᠳᠡᠭᠡᠨ ᠤ ᠲᠤᠰᠬᠠᠶ ᠡᠵᠡᠩᠨᠡᠯᠲᠡ ᠶᠢᠨ ᠳᠡᠯᠭᠡᠭᠦᠷ︾ ᠪᠠ | ᠰᠦ ᠶᠢᠨ ᠦᠢᠯᠡᠰ ᠤᠨ ᠨᠡᠶᠢᠭᠡᠮᠯᠢᠭ ᠤᠨ ᠪᠣᠯᠪᠠᠰᠤᠷᠠᠯ ᠤᠨ ᠰᠠᠭᠤᠷᠢᠨ ᠭᠠᠵᠠᠷ ᠪᠣᠯ ᠮᠠᠨ ᠤ ᠬᠤᠰᠢᠭᠤᠨ ᠤ ︽ | ᠮᠣᠩᠭᠤᠯ ᠤᠨ ᠵᠡᠭᠦᠨ ᠬᠡᠰᠡᠭ ᠤᠨ ᠰᠢᠯᠢ ᠶᠢᠨ ᠭᠤᠤᠯ︾ ᠤᠨ ᠨᠠᠷᠠᠲᠤ ᠲᠡᠮᠳᠡᠭ ᠤᠨ ᠮᠠᠯ ᠤᠨ ᠠᠰᠢᠭ ᠰᠢᠮ᠎ᠡ ᠪᠠ ︽ | ᠠᠪᠠᠭ᠎ᠠ ᠠᠶᠢᠷᠠᠭ︾ ᠵᠢᠴᠢ ︽ᠰᠢᠯᠢ ᠶᠢᠨ ᠭᠤᠤᠯ ᠴᠠᠭᠠᠨ ᠢᠳᠡᠭᠡ︾ ᠶᠢ ᠲᠥᠪᠯᠡᠷᠡᠭᠦᠯᠦᠨ ᠳᠡᠯᠭᠡᠷᠡᠭᠦᠯᠬᠦ ᠳᠡᠯᠭᠡᠭᠦᠷ᠂ | ︽ᠰᠣᠶᠣᠯ ᠤᠨ ᠪᠦᠲᠦᠭᠡᠭᠳᠡᠬᠦᠨ ᠢ ᠪᠣᠷᠣᠯᠠᠭᠤᠯᠬᠤ ᠰᠤᠳᠤᠯᠭᠠᠨ︾ ᠤ ᠵᠠᠭᠪᠤᠷ ᠢᠶᠠᠷ ᠳᠠᠮᠵᠢᠭᠤᠯᠤᠨ ᠮᠠᠨ ᠤ | ᠬᠤᠰᠢᠭᠤᠨ ᠤ ᠣᠷᠣᠨ ᠨᠤᠲᠤᠭ ᠤᠨ ᠣᠨᠴᠠᠯᠢᠭᠲᠤ ᠡᠯ᠎ᠡ ᠲᠥᠷᠥᠯ ᠤᠨ ᠮᠠᠯ ᠤᠨ ᠠᠰᠢᠭ ᠰᠢᠮ᠎ᠡ ᠶᠢ ᠳᠡᠯᠭᠡᠷᠡᠭᠦᠯᠵᠦ᠂ | ︽ᠥᠪᠥᠷ ᠮᠣᠩᠭᠤᠯ ᠤᠨ ᠵᠡᠭᠦᠨ ᠬᠡᠰᠡᠭ ᠤᠨ ᠰᠢᠯᠢ ᠶᠢᠨ ᠭᠤᠤᠯ︾᠂ ︽ᠳᠤᠮᠳᠠᠳᠤ ᠤᠯᠤᠰ ᠤᠨ ᠴᠡᠭᠡ ᠶᠢᠨ | ᠨᠤᠲᠤᠭ︾ ᠵᠡᠷᠭᠡ ᠮᠠᠨ ᠤ ᠬᠤᠰᠢᠭᠤᠨ ᠤ ᠴᠢᠬᠤᠯᠠ ᠮᠠᠯ ᠤᠨ ᠠᠰᠢᠭ ᠰᠢᠮ᠎ᠡ ᠶᠢᠨ ᠨᠠᠷᠠᠲᠤ ᠲᠡᠮᠳᠡᠭᠲᠦ ᠶᠢ | ᠭᠤᠤᠯᠳᠠᠯᠭ᠎ᠠ ᠲᠠᠢ ᠲᠠᠨᠢᠯᠴᠠᠭᠤᠯᠤᠨ᠂ ᠰᠠᠷ᠎ᠠ ᠪᠦᠷᠢ 2 - 3 ᠤᠳᠠᠭ᠎ᠠ ᠴᠡᠭᠡ ᠪᠠ ᠪᠢᠰᠢᠯᠠᠭ ᠤᠨ ᠪᠦᠲᠦᠭᠡᠭᠳᠡᠬᠦᠨ ᠤ | ᠨᠠᠷᠠᠲᠤ ᠲᠡᠮᠳᠡᠭ ᠤᠨ ᠪᠣᠯᠪᠠᠰᠣᠷᠠᠯ ᠢ ᠥᠷᠨᠢᠭᠦᠯᠵᠦ᠂ ᠨᠢᠭᠡ ᠤᠳᠠᠭᠠᠨ ᠤ ᠣᠬᠤᠷ ᠸᠢᠳᠢᠣ᠋ ᠪᠠᠷ ᠡᠯᠧᠺᠲᠷᠦᠨ | ᠬᠤᠳᠠᠯᠳᠤᠭᠠᠨ ᠤ ᠪᠣᠯᠪᠠᠰᠣᠷᠠᠯ ᠵᠢᠴᠢ ᠵᠠᠯᠠᠭᠤᠴᠤᠳ ᠪᠠᠭᠠᠴᠤᠳ ᠤᠨ ᠴᠠᠭᠠᠨ ᠢᠳᠡᠭᠡᠨ ᠤ ᠰᠣᠶᠣᠯ᠂ ᠤᠳᠬ᠎ᠠ | ᠤᠷᠠᠯᠢᠭ ᠤᠨ ᠤᠯᠠᠮᠵᠢᠯᠠᠯ ᠪᠣᠯᠪᠠᠰᠤᠷᠠᠯ ᠢ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃ |