ᠠᠪᠠᠭ᠎ᠠ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠪᠠ ᠬᠤᠰᠢᠭᠤᠨ ᠤ ᠪᠠᠶᠢᠴᠠᠭᠠᠬᠤ ᠬᠤᠷᠢᠶ᠎ᠠ ᠬᠠᠮᠲᠤᠷᠠᠨ ᠵᠡᠮᠳᠡᠭᠴᠦᠳ ᠤᠨ ᠰᠠᠭᠠᠳ ᠥᠬᠡᠶ ᠣᠷᠴᠢᠨ ᠲᠣᠭᠤᠷᠢᠨ ᠢ ᠣᠶᠢᠯᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
     ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠵᠡᠮᠳᠡᠭᠴᠦᠳ ᠤᠨ ᠲᠤᠰᠠᠭᠠᠷ ᠲᠣᠭᠲᠠᠨᠢᠯ᠂ ᠡᠷᠬᠡ ᠲᠡᠭᠰᠢ᠂ ᠭᠦᠢᠴᠡᠳ ᠣᠷᠣᠯᠴᠠᠬᠤ ᠪᠠ ᠨᠡᠶᠢᠭᠡᠮ ᠤᠨ ᠠᠮᠢᠳᠤᠷᠠᠯ ᠳᠤ ᠠᠭᠤᠰᠤᠯᠴᠠᠬᠤ ᠶᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 16 ᠤ ᠡᠳᠦᠷ᠂ ᠠᠪᠠᠭ᠎ᠠ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠪᠠᠶᠢᠴᠠᠭᠠᠬᠤ ᠬᠤᠷᠢᠶ᠎ᠠ᠂ ᠲᠠᠪᠤᠨ ᠲᠥᠷᠥᠯ ᠤᠨ ᠲᠤᠰᠬᠠᠢ ᠨᠡᠶᠢᠭᠡᠮᠯᠢᠭ ᠤᠨ ᠭᠡᠰᠢᠭᠦᠨ᠂ ᠬᠡᠰᠡᠭ ᠵᠡᠮᠳᠡᠭᠴᠦᠳ ᠤᠨ ᠲᠥᠯᠥᠭᠡᠯᠡᠭᠴᠢᠳ ᠲᠠᠢ ᠬᠠᠮᠲᠤᠷᠠᠨ ᠠᠪᠠᠭ᠎ᠠ ᠬᠤᠰᠢᠭᠤᠨ ᠤ ᠭᠤᠴᠢᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠤᠨ ᠰᠢᠷᠢᠰ ᠠᠵᠢᠯᠯᠠᠭ᠎ᠠ ᠶᠢᠨ ᠨᠢᠭᠡ ᠪᠣᠯᠬᠤ ᠰᠠᠭᠠᠳ ᠦᠭᠡᠢ ᠣᠷᠴᠢᠨ ᠲᠣᠭᠤᠷᠢᠨ ᠢ ᠣᠶᠢᠯᠠᠭᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠨᠢ ᠬᠤᠰᠢᠭᠤᠨ ᠤ ᠳᠣᠲᠣᠷᠠᠬᠢ ᠭᠤᠤᠯ ᠪᠣᠯᠬᠤ ᠵᠡᠭᠡᠯᠢ ᠭᠤᠳᠤᠮᠵᠢ ᠶᠢᠨ ᠬᠠᠷᠠᠭᠠᠨ ᠰᠠᠭᠠᠳ ᠲᠠᠢ ᠬᠦᠮᠦᠰ ᠤᠨ ᠶᠠᠪᠤᠬᠤ ᠵᠠᠮ᠂ ᠬᠡᠰᠡᠭ ᠣᠯᠠᠨ ᠨᠡᠶᠢᠲᠡ ᠶᠢᠨ ᠲᠠᠯᠠᠪᠤᠷ ᠤᠨ ᠣᠷᠣᠵᠤ ᠭᠠᠷᠬᠤ ᠭᠠᠵᠠᠷ ᠤᠨ ᠨᠠᠯᠠᠤ ᠵᠠᠮ ᠵᠡᠷᠭᠡ ᠰᠠᠭᠠᠳ ᠥᠬᠡᠶ ᠲᠦᠬᠦᠭᠡᠷᠦᠮᠵᠢ ᠶᠢᠨ ᠭᠠᠵᠠᠷ ᠲᠤ ᠭᠦᠨᠵᠡᠭᠡᠶᠢᠷᠡᠵᠦ᠂ ᠰᠠᠭᠠᠳ ᠥᠬᠡᠶ ᠲᠦᠬᠦᠭᠡᠷᠦᠮᠵᠢ ᠶᠢᠨ ᠵᠢᠷᠤᠮᠵᠢᠯ ᠳᠤ ᠨᠡᠶᠢᠴᠡᠬᠦ ᠥᠬᠡᠶ ᠡᠰᠡᠬᠦ᠂ ᠵᠡᠮᠳᠡᠭ ᠬᠦᠮᠦᠰ ᠤᠨ ᠶᠠᠪᠤᠵᠤ ᠰᠠᠭᠤᠬᠤ ᠂ ᠤᠴᠢᠷ ᠶᠠᠪᠤᠳᠠᠯ ᠰᠢᠢᠳᠪᠦᠷᠢᠯᠡᠬᠦ ᠳᠤ ᠲᠦᠭᠦᠮ ᠡᠰᠡᠬᠦ ᠶᠢ ᠲᠤᠬᠠᠶ ᠶᠢᠨ ᠲᠠᠯᠠᠪᠠᠶ ᠳᠤ ᠪᠡᠶᠡᠴᠢᠯᠡᠨ ᠣᠶᠢᠯᠠᠭᠠᠬᠤ ᠶᠢᠨ ᠬᠠᠮᠲᠤ ᠬᠠᠮᠢᠶ᠎ᠠ ᠪᠥᠬᠦᠶ ᠲᠠᠯᠠᠪᠤᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠤᠬᠠᠶ ᠶᠢᠨ ᠲᠠᠯᠠᠪᠤᠷ ᠲᠤ ︽ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾᠂ ︽ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠬᠠᠤᠯᠢ︾ ᠶᠢᠨ ᠣᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠬᠤ ᠶᠢᠨ ᠬᠠᠮᠲᠤ ᠭᠤᠤᠯᠳᠠᠯᠭ᠎ᠠ ᠲᠠᠢ ᠠᠭᠤᠯᠭ᠎ᠠ ᠶᠢᠨ ᠲᠤᠭᠤᠷᠢᠨ ᠳᠤ ᠲᠠᠶᠢᠯᠤᠮᠵᠢ ᠬᠢᠪᠠ᠃      ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠣᠯᠠᠨ ᠢᠶᠠᠷ ᠢᠶᠠᠨ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠠᠵᠢᠯ ᠳᠤ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠣ᠂ ᠬᠤᠰᠢᠭᠤᠨ ᠳᠣᠲᠣᠷᠠᠬᠢ ᠣᠯᠠᠩᠬᠢ ᠣᠯᠠᠨ ᠨᠡᠶᠢᠲᠡ ᠶᠢᠨ ᠲᠠᠯᠠᠪᠤᠷ ᠤᠨ ᠰᠠᠭᠠᠳ ᠥᠬᠡᠶ ᠣᠷᠴᠢᠨ ᠲᠣᠭᠤᠷᠢᠨ ᠳᠤ ᠰᠠᠶᠢᠨ ᠦᠨᠡᠯᠡᠯᠲᠡ ᠥᠭᠭᠦᠭᠰᠡᠨ ᠪᠣᠯᠪᠠᠴᠤ ᠪᠠᠰᠠ ᠭᠡᠰᠡᠭ ᠪᠦᠯᠦᠭ ᠠᠰᠠᠭᠤᠳᠠᠯ ᠣᠷᠣᠰᠢᠵᠤ ᠪᠠᠶᠢᠨ᠎ᠠ᠂ ᠵᠢᠱᠢᠶᠡᠯᠡᠪᠡᠯ ᠬᠡᠰᠡᠭ ᠣᠯᠠᠨ ᠨᠡᠶᠢᠲᠡ ᠶᠢᠨ ᠲᠠᠯᠠᠪᠤᠷ ᠤᠨ ᠤᠷᠤᠵᠤ ᠭᠠᠷᠬᠤ ᠭᠠᠵᠠᠷ ᠤᠨ ᠰᠠᠭᠠᠳ ᠥᠬᠡᠶ ᠨᠠᠯᠠᠤ ᠵᠠᠮ ᠤᠨ ᠨᠠᠯᠠᠤᠴᠠ ᠨᠢ ᠲᠣᠭᠲᠠᠭᠠᠯ ᠳᠤ ᠨᠡᠶᠢᠴᠡᠬᠦ ᠥᠬᠡᠶ᠂ ᠰᠠᠭᠠᠳ ᠥᠬᠡᠶ ᠪᠠᠶᠢᠬᠤ ᠶᠢ ᠬᠥᠲᠥᠯᠦᠨ ᠵᠢᠯᠣᠭᠤᠳᠬᠤ ᠲᠡᠮᠳᠡᠭ ᠳᠤᠲᠠᠭᠳᠠᠵᠤ᠂ ᠬᠡᠰᠡᠭ ᠬᠠᠷᠠᠭᠠᠨ ᠰᠠᠭᠠᠳ ᠲᠠᠢ ᠬᠦᠮᠦᠰ ᠤᠨ ᠶᠠᠪᠤᠬᠤ ᠵᠠᠮ ᠪᠦᠷᠢᠨ ᠪᠦᠲᠦᠨ ᠪᠤᠰᠤ᠂ ᠵᠢᠷᠤᠮᠵᠢᠯ ᠥᠬᠡᠶ᠂ ᠵᠠᠷᠢᠮ ᠬᠠᠷᠠᠭᠠᠨ ᠰᠠᠭᠠᠳ ᠲᠠᠢ ᠬᠦᠮᠦᠰ ᠤᠨ ᠶᠠᠪᠤᠬᠤ ᠵᠠᠮ ᠤᠨ ᠡᠬᠢᠯᠡᠯᠲᠡ᠂ ᠡᠷᠭᠢᠯᠲᠡ ᠪᠠ ᠲᠡᠭᠦᠰᠬᠡᠯ ᠵᠡᠷᠭᠡ ᠣᠷᠣᠨ ᠪᠠᠶᠢᠷᠢ ᠳᠤ ᠰᠠᠨᠠᠭᠤᠯᠤᠮᠵᠢ ᠥᠬᠡᠶ᠂  ᠵᠠᠮ ᠤᠨ ᠵᠢᠭᠠᠯᠲᠠ ᠶᠢᠨ ᠫᠠᠶᠢᠰᠠ᠂ ᠵᠠᠮ ᠢ ᠮᠠᠰᠢᠨ ᠲᠡᠷᠭᠡ ᠡᠵᠡᠯᠡᠨ ᠬᠡᠷᠡᠭᠯᠡᠭᠰᠡᠨ ᠵᠡᠷᠭᠡ ᠪᠠᠶᠢᠳᠠᠯ ᠣᠷᠣᠰᠢᠵᠤ᠂ ᠵᠡᠮᠳᠡᠭ ᠬᠥᠮᠦᠰ ᠵᠢᠴᠢ ᠨᠠᠰᠤᠲᠠᠶᠢᠴᠤᠳ ᠤᠨ ᠬᠡᠷᠡᠭᠯᠡᠬᠦ ᠦᠶᠡᠰ ᠲᠤ ᠵᠣᠬᠢᠬᠤ ᠳᠥᠭᠦᠮ ᠦᠭᠡᠢ ᠪᠠ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠵᠡᠮᠳᠡᠭᠴᠦᠳ ᠤᠨ ᠬᠤᠯᠪᠣᠭ᠎ᠠ ᠶᠢᠨ ᠬᠢᠨ ᠪᠡᠶᠡᠴᠢᠯᠡᠨ ᠣᠶᠢᠯᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠨᠠᠷᠢᠨ ᠬᠢᠨᠠᠮᠠᠭᠠᠶ ᠡᠮᠬᠢᠯᠡᠨ ᠳᠢᠭᠯᠡᠬᠦ ᠶᠢᠨ ᠬᠠᠮᠲᠤ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠨᠢᠭᠡᠴᠡ ᠳᠤ ᠬᠠᠷᠢᠭᠤ ᠲᠤᠰᠬᠠᠵᠤ᠂ ᠪᠠᠶᠢᠴᠠᠭᠠᠬᠤ ᠬᠤᠷᠢᠶ᠎ᠠ ᠲᠠᠢ ᠬᠠᠮᠲᠤ ᠪᠠᠷ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠢᠳᠡᠪᠬᠢᠲᠡᠶ ᠥᠷᠨᠢᠭᠦᠯᠵᠦ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠣᠨᠴᠠᠭᠠᠶ ᠬᠥᠮᠦᠰ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号