ᠠᠪᠠᠭ᠎ᠠ ᠬᠤᠰᠢᠭᠤᠨ ᠤ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠵᠥᠪᠯᠡᠯ ᠤᠨ ᠠᠯᠪᠠᠨ ᠬᠡᠷ ︽5.12 ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠡᠳᠦᠷ︾ ᠤᠨ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠥᠷᠨᠢᠭ᠊
ᠨᠡᠶᠢᠲᠡᠯᠡᠭᠰᠡᠨ ᠴᠠᠭ᠄
2024/5/22
     5 ᠰᠠᠷ᠎ᠠ ᠶᠢᠨ 14 ᠤ ᠡᠳᠦᠷ᠂ ᠠᠪᠠᠭ᠎ᠠ ᠬᠤᠰᠢᠭᠤᠨ ᠤ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠵᠥᠪᠯᠡᠯ ᠤᠨ ᠠᠯᠪᠠᠨ ᠬᠡᠷ ᠠᠴᠠ ︽5.12 ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ︾ ᠤᠨ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ — ᠰᠢᠨᠵᠢᠯᠡᠬᠦ ᠮᠡᠷᠭᠡᠵᠢᠯ ᠢ ᠪᠠᠭᠰᠢ ᠰᠤᠷᠤᠭᠴᠢᠳ ᠲᠤ ᠲᠠᠶᠢᠯᠪᠤᠷᠢᠯᠠᠵᠤ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠲᠦᠭᠡᠮᠡᠯᠵᠢᠭᠦᠯᠦᠨ᠂ ᠰᠤᠷᠭᠠᠭᠤᠯᠢ ᠶᠢᠨ ᠬᠦᠷᠢᠶᠡᠨ ᠤ ᠪᠠᠭᠰᠢ ᠰᠤᠷᠤᠭᠴᠢᠳ ᠤᠨ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠤᠬᠠᠮᠰᠠᠷ ᠪᠠ ᠬᠠᠷᠢᠯᠴᠠᠨ ᠠᠪᠤᠷᠠᠬᠤ ᠴᠢᠳᠠᠪᠤᠷᠢ ᠶᠢ ᠦᠨᠡᠨᠬᠦ ᠴᠢᠩᠭᠠᠳᠬᠠᠪᠠ᠃ ᠬᠤᠶᠠᠳᠤᠭᠠᠷ ᠪᠠᠭ᠎ᠠ ᠰᠤᠷᠭᠠᠭᠤᠯᠢ ᠳᠤ᠂ ᠲᠤᠬᠠᠶᠢᠯᠠᠭᠰᠠᠨ ᠠᠵᠢᠯ ᠤᠨ ᠠᠵᠢᠯᠲᠠᠳ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠠᠶᠤᠯ ᠠᠴᠠ ᠵᠠᠶᠢᠯᠠᠬᠤ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠮᠡᠳᠡᠯᠭᠡ ᠶᠢᠨ ᠲᠣᠭᠤᠷᠢᠨ ᠳᠤ ᠲᠠᠶᠢᠯᠤᠮᠵᠢ ᠪᠠ ᠦᠵᠡᠭᠦᠯᠦᠯᠭᠡ ᠬᠢᠵᠦ᠂ ᠳᠤᠷᠠᠳᠤᠭᠰᠠᠨ ᠠᠰᠠᠭᠤᠯᠲᠠ ᠶᠢ ᠰᠤᠷᠤᠭᠴᠢᠳ ᠢᠳᠡᠪᠬᠢᠲᠡᠢ ᠬᠠᠷᠢᠭᠤᠯᠵᠤ᠂ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ  ᠪᠠ ᠭᠠᠮᠰᠢᠭ ᠠᠴᠠ ᠠᠪᠤᠷᠠᠬᠤ ᠮᠡᠳᠡᠯᠭᠡ ᠶᠢ ᠨᠡᠯᠢᠶᠡᠳ ᠰᠢᠰᠲ᠋ᠧᠮ ᠲᠠᠢ ᠣᠶᠢᠯᠠᠭᠠᠪᠠ᠃      ᠠᠵᠢᠯᠯᠠᠭ᠎ᠠ ᠶᠢᠨ ᠳᠤᠮᠳᠠ᠂ ᠪᠥᠬᠦ ᠪᠠᠭᠰᠢ ᠰᠤᠷᠤᠭᠴᠢᠳ ᠲᠦᠭᠦᠮ ᠲᠦᠳᠡ ᠠᠷᠭ᠎ᠠ ᠮᠠᠶ᠋ᠢᠭ ᠢᠶᠠᠷ ᠭᠠᠵᠠᠷ ᠬᠥᠳᠡᠯᠦᠯᠲᠡ᠂ ᠭᠠᠯ ᠰᠡᠷᠭᠡᠶᠢᠯᠡᠬᠦ᠂ ᠠᠶᠤᠩᠭ᠎ᠠ ᠨᠢᠷᠭᠡᠬᠦ᠂ ᠦᠶᠡᠷ ᠢ ᠰᠡᠷᠭᠡᠶᠢᠯᠡᠬᠦ ᠵᠡᠷᠭᠡ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠥᠪᠡᠷ ᠢ ᠪᠠᠨ ᠬᠠᠮᠠᠭᠠᠯᠠᠬᠤ ᠮᠡᠳᠡᠯᠭᠡ ᠶᠢ ᠰᠤᠷᠤᠯᠴᠠᠵᠤ᠂ ᠰᠤᠷᠭᠠᠭᠤᠯᠢ ᠶᠢᠨ ᠬᠦᠷᠢᠶᠡᠨ ᠤ ᠪᠠᠭᠰᠢ ᠰᠤᠷᠤᠭᠴᠢᠳ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ᠂ ᠮᠡᠳᠡᠯᠭᠡ ᠶᠢᠨ ᠬᠢᠷᠢ ᠲᠦᠪᠰᠢᠨ ᠪᠠ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠪᠠ᠃      ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠥᠷᠭᠡᠨ ᠣᠯᠠᠨ ᠪᠠᠭᠰᠢ ᠰᠤᠷᠤᠭᠴᠢᠳ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠭᠠᠮᠰᠢᠭ ᠢ ᠰᠠᠨᠠᠭᠠᠴᠢᠯᠠᠭ᠎ᠠ ᠠᠴᠠ ᠪᠠᠨ ᠤᠶᠢᠯᠠᠭᠠᠨ᠂ ᠠᠶᠤᠯ ᠲᠦᠭᠰᠢᠭᠦᠷᠢ ᠶᠢ ᠲᠠᠨᠢᠵᠤ᠂ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠤᠷ᠎ᠠ ᠴᠢᠳᠠᠪᠤᠷᠢ ᠶᠢ ᠰᠢᠰᠲ᠋ᠧᠮ ᠲᠠᠢ ᠡᠵᠡᠮᠰᠢᠬᠦ ᠪᠠᠷ ᠳᠠᠮᠵᠢᠨ᠂ ᠠᠮᠢ ᠨᠠᠰᠤ ᠶᠢ ᠬᠠᠮᠠᠭᠠᠯᠠᠬᠤ ᠬᠦᠴᠦᠨ ᠴᠢᠳᠠᠯ ᠪᠣᠯᠭᠠᠵᠤ᠂ ᠪᠠᠭᠰᠢ ᠰᠤᠷᠤᠭᠴᠢᠳ ᠤᠨ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠲᠠᠨᠢᠯᠲᠠ ᠤᠬᠠᠮᠰᠠᠷ ᠢ ᠴᠢᠩᠭᠠᠷᠠᠭᠤᠯᠤᠨ᠂ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠮᠡᠳᠡᠯᠭᠡ ᠪᠠ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠤᠷ᠎ᠠ ᠴᠢᠳᠠᠪᠤᠷᠢ ᠶᠢ ᠲᠦᠭᠡᠮᠡᠯᠵᠢᠭᠦᠯᠦᠨ ᠳᠡᠯᠭᠡᠷᠡᠭᠦᠯᠬᠦ ᠶᠢ ᠠᠬᠢᠭᠤᠯᠵᠤ᠂ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠬᠥᠭᠵᠢᠯᠲᠡ ᠶᠢᠨ ᠰᠠᠭᠤᠷᠢ ᠶᠢ ᠪᠠᠲᠤ ᠪᠠᠬᠢ ᠪᠣᠶ ᠪᠣᠯᠭᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠦᠷᠭᠦᠯᠵᠢᠯᠡᠨ ᠣᠯᠠᠨ ᠰᠠᠯᠠᠭ᠎ᠠ ᠮᠥᠴᠢᠷ ᠲᠠᠢ ᠬᠤᠯᠪᠣᠭᠠᠯᠠᠨ ᠭᠠᠮᠰᠢᠭ ᠢ ᠰᠡᠷᠭᠡᠶᠢᠯᠡᠬᠦ ᠬᠤᠬᠢᠷᠠᠯ ᠢ ᠪᠠᠭᠠᠰᠬᠠᠬᠤ ᠭᠠᠮᠰᠢᠭ ᠠᠴᠠ ᠠᠪᠤᠷᠬᠠᠤ ︽ᠲᠠᠪᠤ ᠶᠢ ᠬᠦᠷᠭᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯᠯᠠᠭ᠎ᠠ ᠶᠢᠨ ᠠᠭᠤᠯᠭ᠎ᠠ ᠬᠡᠯᠪᠡᠷᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠠᠵᠢᠯᠯᠠᠭ᠎ᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠂ ᠥᠷᠭᠡᠨ ᠣᠯᠠᠨ ᠲᠦᠮᠡᠨ ᠤ ᠠᠮᠤᠷ ᠲᠦᠪᠰᠢᠨ ᠤ ᠲᠠᠨᠢᠯᠲᠠ ᠤᠬᠠᠮᠰᠠᠷ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠴᠢᠩᠭᠠᠷᠠᠭᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号